ᠷᠠᠰᠢᠶᠠᠨ ᠬᠤᠳᠠ᠄ ᠠᠮᠢ ᠠᠬᠤᠢ ᠭᠤᠶᠤᠵᠢᠨ ᠵᠢᠭᠤᠯᠴᠢᠯᠠᠯ ᠬᠦᠭᠵᠢᠵᠦ ᠠᠷᠠᠳ ᠪᠠᠶᠠᠵᠢᠨ᠎ᠠ
ᠨᠡᠶᠢᠲᠡᠯᠡᠭᠰᠡᠨ ᠴᠠᠭ᠄
2024/3/5
  2023 ᠣᠨ ᠳᠤ᠂ ᠷᠠᠰᠢᠶᠠᠨ ᠬᠤᠲᠠ 536.71 ᠲᠦᠮᠡᠨ ᠬᠥᠮᠦᠨ ᠤᠳᠠᠭ᠎ᠠ ᠶᠢᠨ ᠵᠢᠭᠤᠯᠴᠢᠯᠠᠭᠴᠢ ᠶᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 67.09 ᠳ᠋ᠦᠩᠰᠢᠭᠤᠷ ᠲᠥᠭᠦᠷᠢᠭ ᠲᠤ ᠬᠦᠷᠴᠦ᠂ ᠵᠢᠭᠤᠯᠴᠢᠯᠠᠭᠴᠢ ᠨᠢ 2014 ᠣᠨ ᠤ ᠬᠢ ᠠᠴᠠ 171.25%᠎ ᠪᠠᠷ ᠨᠡᠮᠡᠭᠳᠡᠵᠦ᠂ ᠣᠷᠣᠯᠭ᠎ᠠ ᠨᠢ 2014 ᠣᠨ ᠤ ᠬᠢ ᠠᠴᠠ 158.13%᠎ ᠪᠠᠷ ᠨᠡᠮᠡᠭᠳᠡᠵᠡᠶ᠃   ︽ᠤᠳᠤ ᠷᠠᠰᠢᠶᠠᠨ ᠤ ᠵᠢᠭᠤᠯᠴᠢᠯᠠᠯ ᠬᠥᠭᠵᠢᠶᠡᠨᠲᠡᠢ ᠪᠤᠯᠵᠤ᠂ ᠡᠯ᠎ᠡ ᠭᠠᠵᠠᠷ ᠤᠨ ᠵᠢᠭᠤᠯᠴᠢᠯᠠᠭᠰᠠᠳ ᠤᠯᠠᠮ ᠠᠴᠠ ᠤᠯᠠᠮ ᠣᠯᠠᠰᠢᠷᠠᠵᠤ᠂ ᠮᠢᠨᠦ ᠡᠨᠡᠬᠦ ᠵᠢᠵᠢᠭ ᠬᠤᠭᠤᠯᠠᠨ ᠭᠡᠷ ᠤᠨ ᠣᠷᠣᠯᠭ᠎ᠠ ᠴᠤ ᠵᠢᠯ ᠠᠴᠠ ᠵᠢᠯ ᠨᠡᠮᠡᠭᠳᠡᠵᠦ ᠪᠠᠶᠢᠨ᠎ᠠ︾ ᠭᠡᠵᠦ ᠷᠠᠰᠢᠶᠠᠨ ᠬᠤᠳᠠ ᠳᠤ ᠬᠠᠯᠠᠭᠤᠨ ᠲᠣᠭᠤᠭᠠᠨ ᠬᠤᠭᠤᠯᠠᠨ ᠭᠡᠷ ᠡᠵᠡᠩᠨᠡᠵᠤ ᠪᠠᠶᠢᠭ᠎ᠠ ᠶᠤᠸᠠᠨ ᠬᠤᠩ ᠶᠠᠨ ᠡᠷ᠎ᠡ ᠡᠮ᠎ᠡ ᠬᠤᠶᠠᠭᠤᠯᠠ ᠪᠠᠶᠠᠷᠯᠠᠵᠤ ᠪᠠᠶᠢᠯ᠎ᠠ᠃   ᠣᠶᠢᠷ᠎ᠠ ᠶᠢᠨ ᠵᠢᠯ ᠳᠤ᠂ ᠷᠠᠰᠢᠶᠠᠨ ᠬᠤᠲᠠ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠬᠡᠯᠪᠡᠷᠢ ᠶᠢ ᠨᠡᠮᠡᠭᠳᠡᠭᠦᠯᠬᠦ᠂ ᠬᠡᠷᠡᠭᠯᠡᠭᠡ ᠶᠢ ᠠᠬᠢᠭᠤᠯᠬᠤ ᠶᠢᠨ ᠲᠣᠭᠤᠷᠢᠨ ᠳᠤ ᠵᠢᠭᠤᠯᠴᠢᠯᠠᠯ ᠤᠨ ᠪᠦᠳᠥᠭᠡᠭᠳᠡᠬᠦᠨ ᠢ ᠲᠠᠰᠤᠷᠠᠯᠲᠠ ᠥᠬᠡᠶ ᠪᠠᠶᠠᠯᠢᠭᠵᠢᠭᠤᠯᠤᠨ᠂ 34.95 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 85 ᠭᠤᠤᠯᠳᠠᠯᠭ᠎ᠠ ᠲᠠᠢ ᠲᠥᠷᠥᠯ ᠵᠦᠢᠯ ᠢ ᠵᠠᠯᠭᠠᠭ᠎ᠠ ᠪᠠᠷ ᠬᠡᠷᠡᠭᠵᠢᠭᠦᠯᠵᠦ᠂ ᠪᠥᠬᠦ ᠣᠷᠣᠨ ᠪᠦᠰᠡ᠂ ᠪᠥᠬᠦ ᠤᠯᠠᠷᠢᠯ ᠤᠨ᠂ ᠳᠡᠰ ᠳᠡᠪᠰᠢᠭᠰᠡᠨ ᠵᠢᠭᠤᠯᠴᠢᠯᠠᠯ ᠤᠨ ᠥᠢᠯᠡᠰ ᠢ ᠬᠦᠭᠵᠢᠬᠦᠯᠪᠡ᠃   ᠣᠳᠣᠬᠠᠨ ᠤ ᠷᠠᠰᠢᠶᠠᠨ ᠬᠤᠳᠠ ︽ᠨᠢᠭᠡ ᠬᠤᠲᠠ ᠪᠠᠷ ᠬᠥᠲᠥᠯᠥᠨ ᠳᠠᠭᠠᠭᠤᠯᠵᠤ᠂ ᠲᠠᠪᠤᠨ ᠲᠣᠭᠤᠷᠢᠭ ᠢᠶᠠᠷ ᠲᠤᠯᠭᠠᠭᠤᠷᠢᠯᠠᠭᠤᠯᠬᠤ︾ ᠪᠦᠬᠦ ᠣᠷᠣᠨ ᠪᠦᠰᠡ ᠶᠢᠨ ᠵᠢᠭᠤᠯᠴᠢᠯᠠᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠵᠢᠷᠭᠤᠭᠠᠨ ᠲᠣᠮᠣ ᠵᠢᠭᠤᠯᠴᠢᠯᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠤᠲᠠ ᠶᠢᠨ ᠡᠷᠡᠭᠦᠯᠵᠢᠯ ᠰᠤᠪᠢᠯᠠᠯᠲᠠ ᠪᠠ ᠰᠡᠯᠡᠭᠦᠴᠡᠯ ᠠᠮᠠᠷᠠᠯᠲᠠ ᠶᠢᠨ ᠴᠢᠳᠠᠮᠵᠢ ᠶᠢ ᠨᠠᠩ ᠲᠡᠭᠦᠯᠳᠡᠷᠵᠢᠭᠦᠯᠵᠦ᠂ ᠰᠥᠨᠢ ᠶᠢᠨ ᠠᠵᠤ ᠠᠬᠤᠶ ᠪᠠ ᠡᠪᠦᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠤᠨ᠂ ᠵᠢᠭᠤᠯᠴᠢᠯᠠᠯ ᠤᠨ ᠦᠢᠯᠡᠴᠢᠯᠡᠭᠡᠨ ᠤ ᠲᠥᠬᠦᠭᠡᠷᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠵᠢᠭᠤᠯᠴᠢᠯᠠᠯ ᠤᠨ ᠠᠵᠤ ᠦᠢᠯᠡᠰ ᠤᠨ ᠭᠤᠤᠯᠯᠠᠬᠤ ᠥᠷᠢᠰᠦᠯᠳᠦᠬᠦ ᠬᠦᠴᠦᠨ ᠢ ᠢᠯᠡᠳᠲᠡ ᠴᠢᠩᠭᠠᠳᠬᠠᠨ᠂ ᠵᠢᠭᠤᠯᠴᠢᠯᠠᠯ ᠤᠨ ᠭᠤᠤᠯᠯᠠᠬᠤ ᠠᠵᠤ ᠦᠢᠯᠡᠰ ᠤᠨ ᠪᠠᠶᠢᠷᠢ ᠰᠠᠭᠤᠷᠢ ᠶᠢ ᠨᠠᠩ ᠲᠣᠪᠤᠶᠢᠯᠭᠠᠭᠰᠠᠨ ᠪᠠᠶᠢᠨ᠎ᠠ᠃   ᠷᠠᠰᠢᠶᠠᠨ ᠬᠤᠳᠠ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠳᠡᠷᠢᠬᠦᠨ ᠴᠢᠬᠤᠯᠠ ᠢᠨᠵᠧᠨᠧᠷᠢᠩ ᠪᠣᠯᠭᠠᠨ ᠠᠳᠬᠤᠵᠤ᠂ ᠨᠡᠶᠢᠳᠡ 48.75 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ 2019 ᠣᠨ ᠪᠣᠯᠲᠠᠯ᠎ᠠ ᠪᠤᠢ ᠪᠦᠬᠦᠢ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠰᠠᠭᠤᠭᠠᠯᠢ ᠠᠷᠠᠳ ᠪᠦᠬᠦᠨ ᠢᠶᠠᠷ ᠢᠶᠠᠨ ᠠᠰᠠᠷ ᠲᠤ ᠨᠡᠬᠦᠵᠤ᠂ 3 ᠲᠦᠮᠡᠨ ᠬᠥᠮᠦᠨ ᠤ ᠨᠤᠷᠠᠬᠤ ᠠᠶᠤᠯᠳᠠᠢ ᠣᠷᠣᠨ ᠰᠠᠭᠤᠴᠠ ᠳᠤ ᠠᠮᠢᠳᠤᠷᠠᠵᠤ ᠪᠠᠶᠢᠭᠰᠠᠨ ᠠᠴᠠ ᠪᠠᠨ ᠳᠤᠯᠠᠭᠠᠨ ᠳᠠᠭᠠᠯᠠᠮᠵᠢᠳᠠᠢ ᠣᠷᠣᠨ ᠰᠠᠭᠤᠴᠠ ᠳᠤ ᠰᠠᠭᠤᠬᠤ ᠬᠦᠰᠡᠯ ᠨᠢ ᠪᠡᠶᠡᠯᠡᠭᠳᠡᠪᠡ᠃   ᠷᠠᠰᠢᠶᠠᠨ ᠬᠤᠲᠠ ᠳᠥᠭᠦᠮ ᠪᠦᠳᠥᠴᠡᠳᠥ ᠣᠷᠣᠨ ᠰᠠᠭᠤᠴᠠ ᠶᠢ ᠥᠭᠡᠷᠡᠴᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠰᠠᠭᠤᠷᠢ ᠳᠦᠬᠦᠭᠡᠷᠦᠮᠵᠢ ᠶᠢ ᠲᠡᠭᠦᠯᠳᠡᠷᠵᠢᠭᠦᠯᠦᠨ᠂ ᠬᠤᠲᠠ ᠶᠢᠨ ᠲᠣᠭᠤᠷᠢᠭ ᠤᠨ ᠭᠡᠷᠡᠯᠲᠦᠭᠦᠯᠭᠡ ᠶᠢᠨ ᠨᠣᠷᠮ᠎ᠠ᠂ ᠲᠦᠭᠡᠭᠡᠯ ᠤᠰᠤ ᠶᠢ ᠲᠦᠭᠡᠮᠡᠯᠵᠢᠭᠦᠯᠦᠭᠰᠡᠨ ᠨᠣᠷᠮ᠎ᠠ᠂ ᠬᠤᠭ ᠨᠣᠪᠰᠢ ᠶᠢ ᠰᠢᠢᠳᠪᠦᠷᠢᠯᠡᠭᠰᠡᠨ ᠨᠣᠷᠮ᠎ᠠ ᠶᠢ ᠲᠣᠰ ᠲᠣᠰ 95%᠂ 98.14%᠂ 99.69%᠎ ᠳᠤ ᠬᠦᠷᠭᠡᠵᠦ᠂ ᠳᠥᠭᠦᠮ ᠪᠦᠳᠥᠴᠡᠳᠥ ᠣᠷᠣᠨ ᠰᠠᠭᠤᠴᠠ ᠶᠢ ᠳᠤᠯᠠᠭᠠᠯᠠᠬᠤ ᠳᠤ ᠬᠦᠴᠢᠷ᠂ ᠤᠰᠤ ᠢᠳᠡᠬᠦ ᠳᠤ ᠬᠦᠴᠢᠷ᠂ ᠵᠠᠮ ᠶᠠᠪᠤᠬᠤ ᠳᠤ ᠬᠦᠴᠢᠷ ᠪᠠᠶᠢᠬᠤ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠪᠡ᠃ ᠬᠤᠲᠠ ᠶᠢᠨ ᠬᠦᠮᠦᠨ ᠳᠤᠮᠳᠠᠴᠢ ᠶᠢᠨ ᠴᠡᠴᠡᠷᠯᠢᠭ ᠨᠤᠭᠤᠭᠠᠷᠠᠭᠤᠯᠤᠯᠳᠠ ᠶᠢᠨ ᠲᠠᠯᠠᠪᠠᠶ 16.35 ᠲᠡᠭᠰᠢ ᠳᠥᠷᠪᠡᠯᠵᠢᠨ ᠮᠧᠲᠷ ᠲᠤ ᠬᠦᠷᠴᠦ᠂ ᠬᠤᠲᠠ ᠶᠢᠨ ᠴᠢᠳᠠᠮᠵᠢ ᠪᠠ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠣᠯᠭᠤᠭᠰᠠᠨ ︽ᠳᠤᠮᠳᠠᠳᠤ ᠤᠯᠤᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠥᠯᠢᠭᠡᠷ ᠵᠢᠱᠢᠶ᠎ᠡ ᠶᠢᠨ ᠱᠠᠩᠨᠠᠯ︾᠎ ᠢ ᠭᠥᠷᠳᠡᠪᠡ᠃   2014 ᠣᠨ ᠠᠴᠠ ᠨᠠᠭᠠᠰᠢ ᠷᠠᠰᠢᠶᠠᠨ ᠬᠤᠲᠠ ᠪᠠᠶᠢᠭᠠᠯᠢ ᠶᠢ ᠬᠠᠮᠠᠭᠠᠯᠠᠬᠤ ᠢᠨᠵᠧᠨᠧᠷᠢᠩ ᠢ ᠨᠡᠶᠢᠲᠡ 1650 ᠲᠦᠮᠡᠨ ᠮᠥ ᠬᠡᠷᠡᠭᠵᠢᠭᠦᠯᠵᠦ᠂ ᠠᠭᠤᠯᠠ ᠶᠢ ᠪᠢᠲᠡᠭᠦᠮᠵᠢᠯᠡᠨ ᠣᠶᠢᠵᠢᠭᠤᠯᠤᠭᠰᠠᠨ ᠳᠠᠯᠠᠪᠠᠢ 120 ᠲᠦᠮᠡᠨ ᠮᠥ᠂ ᠮᠣᠳᠣ ᠳᠠᠷᠢᠵᠤ ᠣᠶᠢᠵᠢᠭᠤᠯᠤᠭᠰᠠᠨ ᠳᠠᠯᠠᠪᠠᠢ 40 ᠲᠦᠮᠡᠨ ᠮᠥ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠰᠡᠨ ᠳᠠᠯᠠᠪᠠᠢ 25 ᠲᠦᠮᠡᠨ ᠮᠥ ᠳᠤ ᠲᠤᠯᠵᠤ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ 1.5 ᠲᠦᠮᠡᠨ ᠮᠥ ᠬᠡᠷᠡᠭᠵᠢᠭᠦᠯᠦᠭᠰᠡᠨ ᠪᠠᠶᠢᠨ᠎ᠠ᠃ ᠪᠥᠬᠦ ᠬᠤᠲᠠ ᠶᠢᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ 81.2%᠎ ᠲᠤ ᠬᠦᠷᠴᠦ᠂ ᠤᠷᠭᠤᠮᠠᠯ ᠤᠨ ᠪᠦᠷᠬᠦᠴᠡ ᠶᠢᠨ ᠨᠣᠷᠮ᠎ᠠ 95%᠎ ᠠᠴᠠ ᠳᠡᠭᠡᠭᠰᠢ ᠳᠤ ᠬᠦᠷᠴᠦ᠂ ᠭᠠᠵᠠᠷ ᠳᠣᠤᠷᠠᠬᠢ ᠤᠰᠤ᠂ ᠭᠠᠵᠠᠷ ᠳᠡᠭᠡᠷᠡᠬᠢ ᠤᠰᠤ ᠴᠥᠮ Ⅲ ᠲᠥᠷᠥᠯ ᠤᠨ ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃   ᠷᠠᠰᠢᠶᠠᠨ ᠬᠤᠳᠠ ︽ᠠᠮᠢ ᠠᠬᠤᠶ ᠪᠠᠷ ᠬᠤᠲᠠ ᠪᠠᠨ ᠪᠠᠶᠢᠭᠤᠯᠵᠤ᠂ ᠵᠢᠭᠤᠯᠴᠢᠯᠠᠯ ᠢᠶᠠᠷ ᠬᠤᠲᠠ ᠪᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠠᠭᠠᠨ ᠰᠠᠭᠤᠷᠢᠯᠠᠨ᠂ ᠬᠥᠬᠡᠮᠳᠦᠭ ᠨᠣᠭᠤᠭᠠᠨ ᠠᠭᠤᠯᠠ ᠤᠰᠤ ᠶᠢ ᠡᠳ᠋ ᠪᠠᠶᠠᠯᠢᠭ ᠪᠣᠯᠭᠠᠵᠤ᠂ ᠠᠮᠢ ᠠᠬᠤᠢ ᠶᠢᠨ ᠳᠠᠪᠠᠭᠤᠯᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠵᠢᠱᠶ᠊ ᠡᠶ᠎ᠡ ᠦᠵᠡᠭᠦᠯᠬᠦ ᠲᠣᠭᠤᠷᠢᠭ᠂ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠡᠷᠡᠭᠦᠯ ᠮᠡᠨᠳᠦ ᠶᠢᠨ ᠵᠢᠭᠤᠯᠴᠢᠯᠠᠯ ᠤᠨ ᠵᠤᠷᠢᠯᠳᠠᠳᠥ ᠭᠠᠵᠠᠷ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠶ᠊ ᠡᠶ᠎ᠡ ᠦᠵᠡᠭᠦᠯᠬᠦ ᠬᠤᠳᠠ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠵᠡᠷᠭᠡ ᠢᠷᠠᠭᠤ ᠠᠯᠳᠠᠷ ᠢ ᠬᠦᠷᠳᠡᠵᠤ᠂ ᠠᠮᠢ ᠠᠬᠤᠢ ᠶᠢᠨ ᠪᠣᠯᠪᠠᠰᠤᠨ ᠤ ᠦᠵᠡᠰᠭᠦᠯᠡᠩᠲᠦ ᠰᠠᠶᠢᠬᠠᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号