ᠮᠠᠨ ᠤ ᠤᠷᠤᠨ ᠤ 2700 ᠭᠠᠷᠤᠢ ᠲᠥᠷᠥᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠡᠭᠡᠵᠢᠩ ᠳᠤ ᠳᠡᠯᠭᠡᠭᠳᠡᠪᠡ
ᠨᠡᠶᠢᠲᠡᠯᠡᠭᠰᠡᠨ ᠴᠠᠭ᠄
2024/3/5
  2023 ᠣᠨ ᠤ ᠪᠡᠭᠡᠵᠢᠩ ᠦᠪᠦᠷ ᠮᠣᠩᠭᠤᠯ ᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠴᠤᠭᠯᠠᠭ᠎ᠠ ᠮᠠᠶᠢᠮᠠᠢ ᠶᠢᠨ ᠲᠠᠨᠢᠯᠴᠠᠭᠤᠯᠭ᠎ᠠ ᠶᠢᠨ ᠬᠤᠷᠠᠯ 10 ᠰᠠᠷ᠎ᠠ ᠶᠢᠨ 17᠎ ᠤ ᠡᠳᠦᠷ ᠪᠡᠭᠡᠵᠢᠩ ᠳᠠᠬᠢ ᠪᠥᠬᠦ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠣᠷᠳᠣᠨ ᠳᠤ ᠡᠬᠢᠯᠡᠪᠡ᠃ ᠲᠠᠨᠢᠯᠴᠠᠭᠤᠯᠭ᠎ᠠ ᠶᠢᠨ ᠬᠤᠷᠠᠯ ᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠪᠡᠭᠡᠵᠢᠩ ᠬᠤᠳᠠ ᠶᠢᠨ ᠲᠤᠰᠠᠯᠠᠨ ᠳᠡᠮᠵᠢᠬᠦ ᠬᠠᠮᠲᠤᠷᠠᠯᠴᠠᠭᠠᠨ ᠤ ᠠᠯᠪᠠᠨ ᠭᠡᠷ ᠠᠴᠠ ᠭᠤᠣᠯᠯᠠᠨ ᠡᠷᠬᠢᠯᠡᠵᠦ᠂ 10 ᠰᠠᠷ᠎ᠠ ᠶᠢᠨ 19᠎ ᠤ ᠡᠳᠦᠷ ᠪᠣᠯᠲᠠᠯ᠎ᠠ ᠦᠷᠭᠦᠯᠵᠢᠯᠡᠨ᠎ᠡ᠃   ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠪᠣᠯ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾᠎ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠮᠥᠨ ᠴᠦ ᠡᠨᠡ ᠵᠢᠯ ᠤᠨ 3 ᠰᠠᠷ᠎ᠠ ᠳᠤ ᠴᠦᠩᠴᠢᠩ ᠳᠤ ᠡᠷᠬᠢᠯᠡᠭᠰᠡᠨ ︽ᠪᠤᠭᠤᠮᠲᠠ ᠠᠴᠠ ᠭᠠᠷᠤᠭᠰᠠᠨ ᠪᠣᠬᠢᠷᠲᠤᠯ ᠦᠭᠡᠢ ᠪᠦᠲᠦᠭᠡᠭᠳᠡᠬᠦᠨ ᠴᠦᠩᠴᠢᠩ ᠳᠤ ᠪᠣᠯᠵᠤᠭ᠎ᠠ ᠲᠠᠢ︾ ᠪᠡᠭᠡᠵᠢᠩ ᠥᠪᠥᠷ ᠮᠣᠩᠭᠤᠯ ᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠴᠤᠭᠯᠠᠭ᠎ᠠ ᠮᠠᠶᠢᠮᠠᠢ ᠶᠢᠨ ᠲᠠᠨᠢᠯᠴᠠᠭᠤᠯᠭ᠎ᠠ ᠶᠢᠨ ᠬᠤᠷᠠᠯ ᠤᠨ ᠳᠠᠷᠠᠭᠠᠬᠢ ᠪᠠᠰᠠ ᠨᠢᠭᠡ ᠤᠳᠠᠭᠠᠨ ᠤ ᠲᠣᠮᠣ ᠬᠡᠯᠪᠡᠷᠢ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠠᠵᠢᠯᠯᠠᠭ᠎ᠠ ᠪᠣᠯᠣᠨ᠎ᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠠᠵᠤ ᠠᠬᠤᠶᠢᠯᠠᠯ ᠤᠨ ᠲᠤᠬᠠᠢ ᠶᠢᠨ ᠲᠠᠯᠠᠪᠤᠷ ᠲᠤ 91 ᠳ᠋ᠦᠩᠰᠢᠭᠤᠷ ᠲᠥᠭᠦᠷᠢᠭ ᠤᠨ ᠦᠷᠳᠡᠭ ᠪᠦᠬᠦᠢ ᠭᠡᠷ᠎ᠡ ᠲᠣᠭᠲᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号