ᠠᠭᠤᠯᠠ ᠬᠠᠶᠢᠷᠬᠠᠨ ᠤ ᠵᠢᠭᠤᠯᠴᠢᠯᠠᠯ
ᠨᠡᠶᠢᠲᠡᠯᠡᠭᠰᠡᠨ ᠴᠠᠭ᠄
2024/3/5
  ᠦᠷᠭᠡᠨ ᠠᠭᠤᠳᠠᠮ ᠦᠪᠦᠷ ᠮᠤᠩᠭᠤᠯ ᠤᠨ ᠡᠬᠡ ᠭᠠᠵᠠᠷ ᠲᠤ ᠠᠭᠤᠯᠠ ᠬᠠᠶᠢᠷᠬᠠᠨ ᠬᠡᠳᠦᠨ ᠮᠢᠩᠭᠠᠨ ᠭᠠᠵᠠᠷ ᠢᠢᠡᠷ ᠦᠷᠬᠦᠯᠵᠢᠯᠡᠵᠦ᠂ ᠬᠦᠯᠦᠨ ᠪᠤᠶᠢᠷ ᠤᠨ ᠪᠤᠭᠳᠠ ᠠᠭᠤᠯᠠ᠂ ᠬᠢᠩᠭᠠᠨ ᠳᠠᠪᠠᠭ᠎ᠠ᠂ ᠵᠠᠷᠤᠳ ᠤᠨ ᠲᠡᠭᠡ ᠶᠢᠨ ᠬᠠᠨ ᠠᠭᠤᠯᠠ᠂ ᠬᠦᠷᠢᠶ᠎ᠡ ᠬᠤᠰᠢᠭᠤᠨ ᠤ ᠠᠴᠢᠮᠠᠬ ᠤᠨ ᠠᠭᠤᠯᠠ᠂ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠱᠤᠩᠬᠤᠷ ᠤᠨ ᠠᠭᠤᠯᠠ᠂ ᠪᠠᠷᠠᠭᠤᠨ ᠦᠵᠦᠮᠦᠴᠢᠨ ᠬᠤᠰᠢᠭᠤᠨ ᠤ ᠬᠦᠷᠦᠭᠡᠰᠦᠳᠡᠢ ᠬᠠᠨ ᠠᠭᠤᠯᠠ᠂ ᠵᠡᠬᠦᠨ ᠦᠵᠦᠮᠦᠴᠢᠨ ᠬᠤᠰᠢᠭᠤᠨ ᠤ ᠤᠯᠢᠶᠠᠰᠤᠳᠠᠢ ᠠᠭᠤᠯᠠ᠂ ᠪᠠᠭᠠᠷᠢᠨ ᠬᠠᠨ ᠠᠭᠤᠯᠠ᠂ ᠤᠯᠠᠭᠠᠨᠴᠠᠪ ᠤᠨ ᠰᠤᠮᠤᠨ ᠠᠭᠤᠯᠠ᠂ ᠦᠬᠠᠢ ᠶᠢᠨ ᠭᠠᠨᠳᠠᠷᠢ ᠠᠭᠤᠯᠠ᠂ ᠪᠠᠶᠠᠨᠨᠠᠭᠤᠷ ᠤᠨ ᠮᠤᠨᠠ ᠠᠭᠤᠯᠠ᠂ ᠬᠦᠬᠡᠬᠤᠳᠠ ᠶᠢᠨ ᠲᠠᠯᠠᠨ ᠬᠠᠷ᠎ᠠ ᠠᠭᠤᠯᠠ᠂ ᠠᠯᠠᠱᠠ ᠠᠭᠤᠯᠠ ᠵᠡᠷᠭᠡ ᠠᠭᠤᠯᠠ ᠨᠢᠷᠤᠭᠤᠳ ᠪᠦᠬᠦ ᠤᠷᠤᠨ ᠤ ᠶᠡᠷᠦᠩᠬᠡᠢ ᠲᠠᠯᠠᠪᠠᠢ ᠢᠢᠨ 20.9%᠎ ᠶᠢ ᠡᠵᠡᠯᠡᠨ᠂ ᠵᠢᠭᠤᠯᠴᠢᠯᠠᠯ ᠤᠨ ᠦᠵᠡᠮᠵᠢᠳᠤ ᠤᠷᠤᠨ ᠪᠤᠯᠤᠭᠠᠳ ᠵᠢᠭᠤᠯᠴᠢᠯᠠᠭᠰᠠᠳ ᠤᠨ ᠤᠷᠮ᠎ᠠ ᠪᠠᠬ᠎ᠠ ᠶᠢ ᠲᠠᠲᠠᠵᠤ᠂ ᠬᠦᠰᠡᠯ ᠵᠡᠭᠦᠳᠦ ᠶᠢ ᠬᠦᠪᠦᠷᠡᠭᠦᠯᠵᠦ ᠪᠠᠶᠢᠨᠠᠮ᠃   ᠮᠠᠨ ᠤ ᠤᠷᠤᠨ ᠳᠤ ᠪᠠᠷᠭᠤ ᠢᠢᠨ ᠪᠤᠭᠳᠠ ᠠᠭᠤᠯᠠ᠂ ᠵᠠᠷᠤᠳ ᠤᠨ ᠲᠡᠭᠡ ᠢᠢᠨ ᠬᠠᠨ᠂ ᠬᠢᠨᠭ᠍ᠭᠠᠨ ᠤ ᠪᠤᠭᠳᠠ ᠠᠭᠤᠯᠠ᠂ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠱᠤᠩᠬᠤᠷ ᠤᠨ ᠠᠭᠤᠯᠠ᠂ ᠳᠠᠯᠠᠨ ᠬᠠᠷ᠎ᠠ ᠠᠭᠤᠯᠠ᠂ ᠰᠤᠮᠤᠨ ᠠᠭᠤᠯᠠ᠂ ᠠᠯᠠᠱᠠ ᠠᠭᠤᠯᠠ ᠵᠡᠷᠭᠡ ᠤᠯᠠᠨ ᠠᠭᠤᠯᠠ ᠬᠠᠶᠢᠷᠬᠠᠨ ᠦᠵᠡᠰᠭᠦᠯᠡᠩᠲᠦ ᠰᠠᠶᠢᠬᠠᠨ ᠤᠮᠠᠷᠠᠲᠤ ᠬᠢᠯᠢ ᠢᠢᠨ ᠲᠠᠷᠬᠠᠨ ᠬᠠᠷᠠᠭᠤᠯ ᠮᠡᠲᠦ ᠰᠡᠭᠦ᠋ᠨ ᠰᠦᠨᠳᠡᠷᠯᠡᠵᠦ᠂ ᠰᠤᠶᠤᠯ ᠵᠢᠭᠤᠯᠴᠢᠯᠠᠯ ᠤᠨ ᠦᠢᠯᠡᠰ ᠤᠨ ᠪᠠᠰᠠ ᠨᠢᠭᠡᠨ ᠰᠤᠳᠤᠨ ᠠᠭᠤᠯᠭ᠎ᠠ ᠪᠤᠯᠵᠤ ᠪᠠᠶᠢᠳᠠᠭ ᠶᠤᠮ᠃   ᠬᠦᠯ ᠬᠦᠭᠵᠢᠶᠡᠨᠲᠡᠢ ᠬᠤᠲᠠ ᠢᠢᠨ ᠵᠠᠢ ᠠᠴᠠ ᠵᠠᠶᠢᠳᠠᠵᠤ᠂ ᠠᠭᠤᠯᠠ ᠮᠠᠴᠤᠵᠤ ᠠᠭᠤᠵᠢᠭᠤ ᠠᠮᠢᠰᠬᠤᠯᠯᠠᠨ᠂ ᠠᠶᠤᠤᠯᠢᠬᠠᠢ ᠴᠡᠭᠡᠵᠢᠨ ᠤ ᠴᠢᠯᠡᠭᠡ ᠪᠠᠨ ᠲᠠᠶᠢᠯᠵᠤ᠂ ᠠᠯᠤᠰ ᠢ ᠰᠢᠷᠲᠡᠵᠦ ᠨᠤᠲᠤᠭ ᠤᠨ ᠪᠠᠷ᠎ᠠ ᠰᠠᠷᠠᠪᠴᠢᠯᠠᠬᠤ ᠶᠠᠭᠤᠲᠠᠢ ᠰᠠᠶᠢᠬᠠᠨ ᠪᠢᠯᠡ⁈ ᠦᠨᠳᠦᠷ ᠤᠷᠬᠢᠯ ᠳᠤ ᠭᠠᠷᠴᠤ ᠰᠦᠷᠲᠡᠢ ᠰᠦᠮᠪᠦᠷ ᠢ ᠬᠠᠷᠠᠵᠤ ︽ᠠᠭᠤᠯᠠ ᠶᠢᠨ ᠴᠠᠭᠠᠨ᠎ᠠ ᠠᠭᠤᠯᠠ ᠪᠤᠢ︾ ᠭᠡᠬᠦ ᠡᠪᠦᠭᠡᠳ ᠤᠨ ᠰᠤᠷᠭᠠᠯ ᠢ ᠡᠷᠬᠢᠴᠡᠭᠦᠯᠦᠨ ᠡᠷᠴᠢ ᠬᠦᠴᠦᠨ ᠢᠢᠡᠨ ᠴᠢᠩᠭᠠᠷᠠᠭᠤᠯᠵᠤ᠂ ᠪᠤᠳᠤᠯ ᠵᠤᠷᠢᠭ ᠢᠢᠡᠨ ᠬᠦᠪᠴᠢᠯᠡᠬᠦ ᠰᠠᠶᠢᠬᠠᠨ ᠪᠢᠰᠢᠦ⁈ ᠬᠤᠷ᠎ᠠ ᠪᠤᠷᠤᠭ᠎ᠠ ᠵᠠᠯᠠᠵᠤ ᠬᠤᠪᠢᠯᠭᠠᠨ ᠤᠪᠠᠳᠢᠰ ᠢ ᠨᠢ ᠢᠯᠡᠷᠡᠭᠦᠯᠬᠦ ᠭᠡᠵᠦ ᠡᠳᠦᠷ ᠤᠨ ᠰᠠᠶᠢᠬᠠᠨ ᠢ ᠰᠤᠩᠭᠤᠵᠤ ᠶᠠᠪᠤᠭᠳᠠᠳᠠᠭ ᠪᠤᠭᠳᠠ ᠠᠭᠤᠯᠠ ᠢᠢᠨ ᠲᠠᠬᠢᠯᠭ᠎ᠠ ᠳᠤ ᠤᠷᠤᠯᠴᠠᠵᠤ᠂ ᠪᠤᠳᠤᠯ ᠰᠡᠳᠬᠢᠯ ᠤᠨ ᠬᠦᠨᠳᠦᠳᠬᠡᠯ ᠢᠢᠡᠨ ᠳᠡᠪᠰᠢᠭᠦᠯᠵᠦ ᠳᠠᠭᠠᠳᠬᠠᠨ ᠮᠦᠷᠬᠦᠵᠦ᠂ ᠨᠤᠲᠤᠭ ᠤᠨ ᠡᠪᠦᠭᠡᠳ ᠤᠨ ᠶᠠᠷᠢᠶ᠎ᠠ ᠠᠴᠠ ᠪᠤᠭᠤᠷᠤᠯ ᠬᠠᠨ ᠤ ᠲᠤᠮᠤᠭ ᠦᠯᠢᠭᠡᠷ ᠢ ᠰᠤᠨᠤᠰᠬᠤ ᠰᠠᠶᠢᠬᠠᠨ ᠪᠢᠰᠢ ᠦᠦ⁈ ᠠᠮᠠᠷᠠᠭ ᠬᠠᠨᠢ ᠲᠠᠢ ᠪᠠᠨ ᠰᠢᠪᠠᠭᠤᠳ ᠤᠨ ᠵᠢᠷᠬᠢᠶ᠎ᠡ ᠪᠤᠭᠤ ᠶᠢᠨ ᠤᠷᠤᠮᠳᠠᠭ᠎ᠠ ᠲᠠᠢ ᠠᠭᠤᠯᠠᠨ ᠵᠦ᠋ᠷᠢᠭ ᠢᠢᠡᠷ ᠤᠷᠬᠢᠯ ᠳᠤ ᠭᠠᠷᠴᠤ ᠤᠷᠭᠤᠬᠤ ᠨᠠᠷᠠᠨ ᠢ ᠤᠭᠲᠤᠬᠤ ᠠᠴᠠ ᠢᠯᠡᠬᠦᠦ ᠷᠤᠮᠠᠨᠲ᠋ᠢᠭ ᠠᠵᠦ ᠬᠠᠮᠢᠶ᠎ᠠ ᠪᠠᠶᠢᠬᠤ ᠪᠢᠯᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号