ᠮᠠᠨ ᠤ ᠤᠷᠤᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠢ 3140.55 ᠲᠦᠮᠡᠨ ᠬᠥᠮᠥᠨ ᠤᠳᠠᠭ᠎ᠠ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2024/3/5
  ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠮᠡᠳᠡᠭᠡ ᠶᠢ ᠦᠨᠳᠦᠰᠦᠯᠡᠪᠡᠯ 2024 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠤᠷᠤᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠢ 3140.55 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.76 ᠳᠠᠬᠢᠨ ᠪᠣᠯᠵᠠᠢ᠃ ᠵᠢᠭᠤᠯᠴᠢᠯᠠᠯ ᠤᠨ ᠣᠷᠣᠯᠭ᠎ᠠ 221.22 ᠳ᠋ᠦᠩᠰᠢᠭᠤᠷ ᠲᠥᠭᠦᠷᠢᠭ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.63 ᠳᠠᠬᠢᠨ ᠪᠣᠯᠪᠠ᠃   ᠡᠭᠦᠨ ᠳᠤ᠂ ᠾᠧᠪᠧᠢ ᠮᠤᠵᠢ᠂ ᠪᠡᠭᠡᠵᠢᠩ ᠬᠤᠲᠠ᠂ ᠱᠠᠩᠬᠠᠢ ᠬᠤᠲᠠ᠂ ᠯᠢᠶᠣᠤᠨᠢᠩ ᠮᠤᠵᠢ᠂ ᠴᠦᠩᠴᠢᠩ ᠬᠤᠲᠠ ᠠᠴᠠ ᠢᠷᠡᠭᠰᠡᠨ ᠵᠢᠭᠤᠯᠴᠢᠯᠠᠭᠰᠠᠳ ᠤᠨ ᠳᠤᠭ᠎ᠠ ᠡᠮᠦᠨ᠎ᠡ ᠲᠠᠪᠤ ᠳᠤ ᠤᠷᠤᠵᠦ᠂ ᠣᠷᠣᠨ ᠤ ᠭᠠᠳᠠᠨᠠᠬᠢ ᠵᠢᠭᠤᠯᠴᠢᠯᠠᠭᠰᠠᠳ ᠤᠨ 46.31% ᠢᠢ ᠡᠵᠡᠯᠡᠵᠡᠢ᠃ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠭᠰᠠᠳ ᠣᠯᠠᠩᠬᠢ ᠶᠢ ᠡᠵᠡᠯᠡᠵᠦ᠂ 71.04% ᠬᠦᠷᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号