ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠥᠪᠥᠷ ᠮᠣᠩᠭᠤᠯ ᠤᠨ ᠲᠡᠷᠢᠭᠦᠨ ᠤ 6 ᠬᠥᠮᠥᠨ 5 ᠨᠢᠭᠡᠴᠢ ᠶᠢ ᠰᠠᠶᠢᠰᠢᠶᠠᠨ ᠬᠥᠬᠢᠭᠦᠯᠪᠡ
ᠨᠡᠶᠢᠲᠡᠯᠡᠭᠰᠡᠨ ᠴᠠᠭ᠄
2024/3/5
   3 ᠳ᠋ᠤᠭᠠᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠠᠴᠠ ᠣᠶᠢᠯᠠᠭᠠᠭᠰᠠᠨ ᠢᠶᠠᠷ᠂ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ᠂ ᠥᠷᠭᠡᠨ ᠤᠯᠠᠨ ᠡᠮᠡᠭᠲᠡᠶᠢᠴᠦᠳ ᠤᠨ ᠨᠠᠮ ᠢᠶᠠᠨ ᠳᠠᠭᠠᠵᠤ ᠰᠢᠨ᠎ᠡ ᠠᠶᠠᠨ ᠵᠠᠮ ᠳᠤ ᠤᠷᠤᠭᠰᠢᠯᠠᠨ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠶᠢ ᠨᠢ ᠬᠥᠲᠥᠯᠥᠨ ᠵᠣᠷᠢᠭᠵᠢᠭᠤᠯᠬᠤ ᠶᠢᠨ ᠲᠥᠯᠥᠭᠡ᠂ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠠᠴᠠ ᠬᠤᠸᠠᠩ ᠬᠤᠢ ᠯᠢᠨ ᠵᠡᠷᠭᠡ 10 ᠬᠥᠮᠥᠨ ᠳᠤ ᠪᠦᠬᠦ ᠤᠯᠤᠰ ᠤᠨ ︽3.8︾ ᠤ ᠤᠯᠠᠭᠠᠨ ᠲᠤᠭᠴᠢ ᠶᠢᠨ ᠵᠢᠱᠢᠶᠡᠴᠢ᠂ ᠸᠠᠩ ᠱᠤ᠋ ᠵᠡᠷᠭᠡ 300 ᠬᠥᠮᠥᠨ ᠳᠤ ᠪᠦᠬᠦ ᠤᠯᠤᠰ ᠤᠨ ︽3.8︾ ᠤ ᠤᠯᠠᠭᠠᠨ ᠲᠤᠭᠴᠢ᠂ ᠴᠢᠩᠬᠤᠸᠠ ᠶᠡᠭᠡ ᠰᠤᠷᠭᠠᠭᠤᠯᠢ ᠶᠢᠨ ᠬᠠᠷᠢᠶᠠᠲᠤ ᠪᠠᠭ᠎ᠠ ᠰᠤᠷᠭᠠᠭᠤᠯᠢ ᠵᠡᠷᠭᠡ 200 ᠨᠢᠭᠡᠴᠢ ᠳᠤ ᠪᠦᠬᠦ ᠤᠯᠤᠰ ᠤᠨ ︽3.8︾ ᠤ ᠤᠯᠠᠭᠠᠨ ᠲᠤᠭᠴᠢ ᠶᠢᠨ ᠬᠠᠮᠲᠤ ᠨᠢᠭᠡᠴᠢ ᠵᠡᠷᠭᠡ ᠴᠣᠯᠠ ᠣᠯᠭᠤᠬᠤ ᠪᠠᠷ ᠲᠣᠭᠲᠠᠪᠠ᠃ ᠡᠭᠦᠨ ᠳᠤ᠂ ᠥᠪᠥᠷ ᠮᠣᠩᠭᠤᠯ ᠤᠨ 6 ᠬᠤᠪᠢ ᠬᠥᠮᠥᠨ ᠪᠥᠬᠦ ᠤᠯᠤᠰ ᠤᠨ ︽3.8︾ ᠤ ᠤᠯᠠᠭᠠᠨ ᠲᠤᠭᠴᠢ ᠶᠢᠨ ᠴᠣᠯᠠ ᠭᠥᠷᠳᠡᠵᠦ᠂ 5 ᠨᠢᠭᠡᠴᠢ ᠪᠥᠬᠦ ᠤᠯᠤᠰ ᠤᠨ ︽3.8︾ ᠤ ᠤᠯᠠᠭᠠᠨ ᠲᠤᠭᠴᠢ ᠶᠢᠨ ᠬᠠᠮᠲᠤ ᠨᠢᠭᠡᠴᠢ ᠶᠢᠨ ᠴᠣᠯᠠ ᠭᠥᠷᠳᠡᠪᠡ᠃    ᠮᠠᠨ ᠤ ᠣᠷᠣᠨ ᠤ ᠪᠦᠬᠦ ᠤᠯᠤᠰ ᠤᠨ ︽3.8︾ ᠤ ᠤᠯᠠᠭᠠᠨ ᠲᠤᠭᠴᠢ ᠶᠢ ᠢᠷᠠᠭᠤ ᠠᠯᠳᠠᠷᠲᠠᠢ ᠪᠠᠷ ᠬᠥᠷᠲᠡᠭᠰᠡᠨ 6 ᠬᠤᠪᠢ ᠬᠥᠮᠥᠨ ᠪᠣᠯ ᠦᠬᠠᠢ ᠬᠤᠳᠠ ᠶᠢᠨ ᠡᠮᠡᠭᠲᠡᠢ ᠠᠵᠤ ᠠᠬᠤᠶᠢᠯᠠᠯᠲᠠᠳ ᠤᠨ ᠨᠡᠶᠢᠭᠡᠮᠯᠢᠭ ᠤᠨ ᠳᠠᠷᠤᠭ᠎ᠠ ᠵᠠᠩ ᠵᠢᠢ ᠫᠢᠩ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠢᠦᠢ ᠵᠧᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠵᠢᠶᠠᠩ ᡁᠢ ᠬᠤᠸᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠱᠢ ᠰᠢᠶᠠᠩ ᠷᠦᠩ᠂ ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠠᠪᠤᠳᠤᠭᠠᠷ ᠬᠤᠪᠢᠶᠠᠷᠢ ᠺᠣᠮᠫᠠᠨᠢ ᠶᠢᠨ ᠮᠡᠷᠭᠡᠵᠢᠯ ᠤᠨ ᠲᠠᠰᠤᠭ ᠤᠨ ᠭᠠᠷ ᠤᠷᠠᠯᠠᠯ ᠤᠨ ᠮᠡᠷᠭᠡᠵᠢᠯᠲᠡᠨ ᠢᠦᠢ ᠬᠠᠢ ᠶᠠᠨ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠭᠠᠵᠠᠷ ᠤᠨ ᠳᠠᠷᠤᠭ᠎ᠠ ᠵᠠᠩ ᠰᠢᠶᠣᠣ ᠬᠤᠩ᠂ ᠥᠪᠥᠷ ᠮᠣᠩᠭᠤᠯ ᠤᠨ ᠢᠦᠢ ᠲᠦᠩ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠹᠧᠩ ᠮᠧᠶ ᠪᠣᠯᠣᠨ᠎ᠠ᠃    ᠮᠠᠨ ᠤ ᠣᠷᠣᠨ ᠤ ᠪᠦᠬᠦ ᠤᠯᠤᠰ ᠤᠨ ︽3.8︾ ᠤ ᠤᠯᠠᠭᠠᠨ ᠲᠤᠭᠴᠢ ᠶᠢᠨ ᠬᠠᠮᠲᠤ ᠨᠢᠭᠡᠴᠢ ᠶᠢ ᠢᠷᠠᠭᠤ ᠠᠯᠳᠠᠷᠲᠠᠢ ᠪᠠᠷ ᠬᠥᠷᠲᠡᠭᠰᠡᠨ 5 ᠨᠢᠭᠡᠴᠢ ᠪᠣᠯ ᠤᠯᠠᠭᠠᠨᠬᠠᠳᠠ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠥᠬᠡᠬᠤᠲᠠ ᠶᠢᠨ ᠭᠠᠯ ᠰᠡᠷᠭᠡᠶᠢᠯᠡᠵᠦ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠡᠮᠡᠭᠲᠡᠶᠢᠴᠦᠳ ᠤᠨ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ ᠦᠢᠯᠡᠴᠢᠯᠡᠭᠡᠨ ᠤ ᠬᠤᠰᠢᠭᠤᠴᠢ ᠠᠩᠭᠢ᠂ ᠣᠷᠳᠣᠰ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ᠂ ᠤᠯᠠᠭᠠᠨᠴᠠᠪ ᠬᠤᠲᠠ ᠶᠢᠨ ᠤᠷᠠᠯᠢᠭ ᠤᠨ ᠰᠤᠷᠭᠠᠭᠤᠯᠢ ᠶᠢᠨ ᠡᠮᠡᠭᠲᠡᠶᠢᠴᠦᠳ ᠤᠨ ᠵᠥᠪᠯᠡᠯ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠤᠯᠵᠢᠯᠠᠯ ᠤᠨ ᠲᠣᠪᠴᠢᠶᠠᠨ ᠤ ᠰᠦᠯᠵᠢᠶᠡᠨ ᠤ ᠵᠠᠬᠢᠳᠠᠯ ᠰᠤᠷᠪᠤᠯᠵᠢᠯᠠᠯ ᠤᠨ ᠭᠠᠵᠠᠷ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号