ᠬᠤᠰᠢᠭᠤᠨ ᠤ ᠲᠤᠭ᠎ᠠ ᠪᠦᠷᠢᠳᠬᠡᠯ ᠤᠨ ᠲᠤᠪᠴᠢᠶ᠎ᠠ
ᠨᠡᠶᠢᠲᠡᠯᠡᠭᠰᠡᠨ ᠴᠠᠭ᠄
2024/3/5
   ᠭᠤᠤᠯ ᠡᠭᠦᠷᠭᠡ ᠬᠠᠷᠢᠭᠤᠴᠠᠯᠭ᠎ᠠ    ︵ᠨᠢᠭᠡ︶ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ ᠲᠣᠭᠲᠠᠭᠠᠯ ᠪᠣᠯᠤᠨ ᠲᠤᠭ᠎ᠠ ᠪᠦᠷᠢᠳᠬᠡᠯ ᠤᠨ ᠲᠥᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠲᠤᠭ᠎ᠠ ᠪᠦᠷᠢᠳᠬᠡᠯ ᠤᠨ ᠥᠭᠡᠷᠡᠴᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠲᠦᠷᠢᠮ ᠲᠣᠭᠲᠠᠭᠠᠯ ᠪᠣᠯᠤᠨ ᠲᠤᠭ᠎ᠠ ᠪᠦᠷᠢᠳᠬᠡᠯ ᠤᠨ ᠲᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠨ ᠪᠠᠶᠢᠴᠠᠭᠠᠵᠤ᠂ ᠲᠤᠬᠳᠠᠬᠰᠠᠨ ᠠᠯᠪᠠᠨ ᠬᠡᠷ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠭᠦᠷᠭᠡ ᠶᠢ ᠡᠬᠦᠷᠬᠡᠯᠡᠨ᠎ᠡ᠃ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ ᠵᠤᠬᠢᠴᠠᠭᠤᠯᠤᠨ᠎ᠠ᠃    ︵ᠬᠤᠶᠠᠷ︶ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠰᠢᠰᠲ᠋ᠧᠮ ᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠲᠦᠷᠢᠮ ᠪᠠ ᠪᠥᠬᠦ ᠬᠤᠰᠢᠭᠤᠨ ᠤ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠲᠣᠭᠠᠴᠠᠭ᠎ᠠ ᠬᠢᠵᠦ᠂ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠮᠠᠲ᠋ᠧᠷᠢᠶᠠᠯ ᠢ ᠡᠮᠬᠢᠳᠬᠡᠨ ᠨᠠᠶᠢᠷᠠᠭᠤᠯᠤᠨ᠎ᠠ᠃    ︵ᠭᠤᠷᠪᠠ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠢᠩᠭᠠᠨ ᠠᠶᠢᠮᠠᠭ ᠤᠨ ᠨᠡᠶᠢᠳᠡᠮ ᠪᠠᠶᠢᠴᠠᠭᠠᠯᠲᠠ ᠶᠢᠨ ᠲᠥᠰᠦᠯ ᠪᠣᠯᠤᠨ ᠨᠡᠶᠢᠳᠡᠮ ᠪᠠᠶᠢᠴᠠᠭᠠᠯᠲᠠ ᠶᠢᠨ ᠲᠥᠯᠥᠪᠯᠡᠭᠡ ᠶᠢᠨ ᠶᠣᠰᠣᠭᠠᠷ᠂ ᠴᠢᠩᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠨᠡᠶᠢᠭᠡᠮ ᠤᠨ ᠠᠵᠤ ᠠᠬᠤᠶ ᠶᠢᠨ ᠪᠠᠶᠢᠴᠠᠭᠠᠯᠲᠠ ᠶᠢ ᠨᠢᠭᠡᠳᠦᠯᠲᠡᠶ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠰᠠᠭᠤᠷᠢ ᠪᠦᠷᠢᠳᠬᠡᠯ ᠤᠨ ᠮᠠᠲ᠋ᠧᠷᠢᠶᠠᠯ ᠢ ᠬᠤᠷᠢᠶᠠᠩᠭᠤᠶᠢᠯᠠᠨ ᠡᠮᠬᠢᠳᠬᠡᠨ᠎ᠡ᠃    ︵ᠳᠥᠷᠪᠡ︶ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠦᠢᠯᠡᠴᠢᠯᠡᠬᠡᠨ ᠤ ᠦᠢᠯᠡᠰ ᠵᠡᠷᠭᠡ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠶᠢᠨ ᠡᠯ᠎ᠡ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠵᠤ᠂ ᠵᠤᠭᠠᠴᠠᠯ᠂ ᠵᠠᠮ ᠬᠠᠷᠢᠯᠴᠠᠭ᠎ᠠ ᠲᠡᠭᠡᠭᠡᠪᠦᠷᠢ᠂ ᠰᠢᠤᠳᠠᠨ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠵᠡᠷᠭᠡ ᠪᠥᠬᠦ ᠬᠤᠰᠢᠭᠤᠨ ᠤ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠨ᠎ᠠ᠃      ︵ᠲᠠᠪᠤ︶ ᠪᠥᠬᠦ ᠬᠤᠰᠢᠭᠤᠨ ᠤ ᠡᠨᠧᠷᠭᠢ᠂ ᠪᠠᠯᠠ ᠣᠷᠣᠭᠤᠯᠤᠯᠲᠠ᠂ ᠬᠡᠷᠡᠭᠯᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠦᠨ ᠠᠮᠠ᠂ ᠬᠥᠳᠡᠯᠮᠦᠷᠢ ᠬᠦᠴᠦ᠂ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ᠂ ᠣᠷᠴᠢᠨ ᠲᠣᠭᠤᠷᠢᠨ ᠤ ᠦᠨᠳᠦᠰᠦᠨ ᠪᠠᠶᠢᠳᠠᠯ ᠵᠡᠷᠭᠡ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠵᠤ᠂ ᠡᠬᠢ ᠪᠠᠶᠠᠯᠢᠭ᠂ ᠬᠡᠷ ᠪᠠᠶᠢᠰᠢᠩ᠂ ᠭᠠᠳᠠᠭᠠᠳᠤ ᠠᠷᠠᠯᠵᠢᠶ᠎ᠠ᠂ ᠭᠠᠳᠠᠭᠠᠳᠤ ᠠᠵᠤ ᠠᠬᠤᠶ ᠵᠡᠷᠭᠡ ᠪᠥᠬᠦ ᠬᠤᠰᠢᠭᠤᠨ ᠤ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠨ᠎ᠠ᠃    ︵ᠵᠢᠷᠭᠤᠭ᠎ᠠ︶ ᠪᠥᠬᠦ ᠬᠤᠰᠢᠭᠤᠨ ᠤ ᠴᠢᠨᠠᠷᠲᠠᠶ ᠰᠠᠭᠤᠷᠢ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠢᠭᠡᠳᠦᠯᠲᠡᠶ ᠬᠠᠮᠢᠶᠠᠷᠬᠤ ᠪᠠ ᠨᠡᠶᠢᠲᠡᠯᠡᠬᠦ ᠶᠢ ᠬᠠᠷᠢᠭᠤᠴᠠᠵᠤ᠂ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠰᠤᠷᠠᠭ ᠵᠠᠩᠭᠢ ᠶᠢ ᠨᠡᠶᠢᠭᠡᠮ ᠨᠡᠶᠢᠲᠡ ᠳᠤ ᠲᠤᠬᠳᠠᠬᠰᠠᠨ ᠬᠤᠭᠤᠴᠠᠭ᠎ᠠ ᠲᠠᠢ ᠪᠠᠷ ᠨᠡᠶᠢᠲᠡᠯᠡᠨ᠎ᠡ᠃     ︵ᠳᠣᠯᠤᠭ᠎ᠠ︶ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠡᠬᠢ ᠪᠠᠶᠠᠯᠢᠭ ᠣᠷᠴᠢᠨ ᠲᠣᠭᠤᠷᠢᠨ ᠵᠡᠷᠭᠡ ᠪᠠᠶᠢᠳᠠᠯ ᠳᠤ ᠪᠦᠷᠢᠳᠬᠡᠨ ᠵᠠᠳᠠᠯᠤᠯᠲᠠ ᠬᠢᠬᠦ᠂ ᠪᠦᠷᠢᠳᠬᠡᠨ ᠬᠢᠨᠠᠨ ᠬᠡᠮᠵᠢᠬᠦ ᠪᠠ ᠪᠦᠷᠢᠳᠬᠡᠨ ᠬᠢᠨᠠᠯᠲᠠ ᠲᠠᠯᠪᠢᠬᠤ ᠶᠢ ᠬᠠᠷᠢᠭᠤᠴᠠᠵᠤ ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠣᠨ ᠤ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠰᠤᠷᠠᠭ ᠵᠠᠩᠭᠢ ᠪᠠ ᠯᠠᠪᠯᠠᠯᠭ᠎ᠠ ᠶᠢᠨ ᠰᠠᠨᠠᠭᠤᠯᠭ᠎ᠠ ᠬᠠᠩᠭᠠᠨ᠎ᠠ᠃       ︵ᠨᠠᠢᠮᠠ︶ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠦᠨᠳᠦᠰᠦᠨ ᠠᠵᠢᠯ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤ ᠦᠨᠳᠦᠰᠦᠨ ᠱᠠᠲᠤᠨ ᠤ ᠪᠠᠶᠢᠭᠤᠯᠤᠯᠲᠠ ᠶᠢ ᠬᠠᠷᠢᠭᠤᠴᠠᠨ ᠵᠢᠯᠣᠭᠤᠳᠴᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠲᠥᠷᠢᠮ ᠢ ᠪᠠᠶᠢᠭᠤᠯᠤᠨ ᠲᠡᠬᠦᠯᠳᠡᠷᠵᠢᠬᠦᠯᠵᠦ᠂ ᠴᠢᠬᠤᠯᠠ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠶᠢ ᠥᠷᠨᠢᠭᠦᠯᠵᠦ᠂ ᠭᠠᠳᠠᠷ ᠭᠠᠵᠠᠷ ᠲᠠᠢ ᠬᠤᠯᠪᠣᠭᠳᠠᠬᠤ ᠪᠠᠶᠢᠴᠠᠭᠠᠯᠲᠠ ᠶᠢᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠵᠢᠯᠣᠭᠤᠳᠤᠨ᠎ᠠ᠃      ︵ᠶᠢᠰᠦ︶ ᠡᠯ᠎ᠡ ᠰᠤᠮᠤ ᠰᠢᠶᠠᠩ ᠪᠠᠯᠭᠠᠰᠤ ︵ᠲᠠᠯᠠᠪᠠᠢ︶᠂ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠢ ᠵᠢᠯᠣᠭᠤᠳᠬᠤ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ᠂ ᠲᠤᠭ᠎ᠠ ᠪᠦᠷᠢᠳᠬᠡᠯ ᠤᠨ ᠪᠠᠷᠢᠮᠵᠢᠶ᠎ᠠ ᠪᠠ ᠲᠤᠭ᠎ᠠ ᠪᠠᠷᠢᠮᠲᠠ ᠨᠡᠶᠢᠲᠡᠯᠡᠬᠦ ᠵᠦᠢᠯᠡᠰ ᠢ ᠬᠠᠮᠢᠶᠠᠷᠤᠨ᠎ᠠ᠃    ︵ᠠᠷᠪᠠ︶ ᠲᠤᠭ᠎ᠠ ᠪᠦᠷᠢᠳᠬᠡᠯ ᠤᠨ ᠮᠡᠳᠡᠭᠡ ᠵᠠᠩᠬᠢᠵᠢᠯᠳᠠ ᠶᠢᠨ ᠰᠢᠰᠲ᠋ᠧᠮ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠬᠥᠮᠥᠷᠭᠡ ᠶᠢᠨ ᠰᠢᠰᠲ᠋ᠧᠮ᠂ ᠬᠤᠷᠸ᠎ᠠ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢᠨ ᠰᠠᠭᠤᠷᠢ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠬᠤ᠂ ᠬᠠᠮᠢᠶᠠᠷᠬᠤ ᠪᠠ ᠬᠠᠮᠠᠭᠠᠯᠠᠬᠤ ᠶᠢ ᠬᠠᠷᠢᠭᠤᠴᠠᠨ᠎ᠠ᠃      ︵ᠠᠷᠪᠠᠨ ᠨᠢᠭᠡ︶ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠬᠠᠮᠢᠶᠠᠷᠤᠯᠲᠠ᠂ ᠪᠣᠬᠢᠷᠲᠤᠯ ᠤᠨ ᠡᠬᠢ ᠶᠢᠨ ᠨᠡᠶᠢᠳᠡᠮ ᠪᠠᠶᠢᠴᠠᠭᠠᠯᠲᠠ᠂ ᠠᠵᠤ ᠠᠬᠤᠶ ᠶᠢᠨ ᠨᠡᠶᠢᠳᠡᠮ ᠪᠠᠶᠢᠴᠠᠭᠠᠯᠲᠠ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠬᠠᠮᠢᠶᠠᠷᠤᠯᠲᠠ ᠵᠡᠷᠭᠡ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ᠃      ︵ᠠᠷᠪᠠᠨ ᠬᠤᠶᠠᠷ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号