ᠬᠤᠰᠢᠭᠤᠨ ᠤ ᠬᠢᠨᠠᠨ ᠪᠤᠳᠤᠬᠤ ᠲᠣᠪᠴᠢᠶ᠎ᠠ
ᠨᠡᠶᠢᠲᠡᠯᠡᠭᠰᠡᠨ ᠴᠠᠭ᠄
2024/3/5
    ᠭᠤᠣᠯ ᠡᠭᠦᠷᠭᠡ ᠬᠠᠷᠢᠭᠤᠴᠠᠯᠭ᠎ᠠ᠄    ︵ᠨᠢᠭᠡ︶ ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠢ ᠭᠤᠤᠯᠯᠠᠨ ᠬᠠᠮᠢᠶᠠᠷᠤᠨ᠎ᠠ᠃ ᠪᠥᠬᠦ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠤᠳᠤᠵᠤ ᠬᠢᠨᠠᠯᠲᠠ ᠲᠠᠯᠪᠢᠬᠤ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠶᠣᠰᠣᠨ ᠤ ᠪᠠ ᠦᠷ᠎ᠡ ᠠᠰᠢᠭ ᠲᠤ ᠬᠢᠨᠠᠨ ᠪᠤᠳᠤᠵᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠢᠨᠠᠨ ᠪᠤᠳᠤᠬᠤ᠂ ᠲᠤᠰᠬᠠᠶ ᠵᠦᠢᠯ ᠢᠶᠠᠷ ᠬᠢᠨᠠᠨ ᠪᠤᠳᠤᠵᠤ ᠪᠠᠶᠢᠴᠠᠭᠠᠯᠲᠠ ᠬᠢᠬᠦ ᠪᠠ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢᠨ ᠦᠷ᠎ᠡ ᠳ᠋ᠦᠩ ᠢ ᠬᠠᠷᠭᠤᠭᠤᠯᠤᠨ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃    ︵ᠬᠤᠶᠠᠷ︶ ᠤᠯᠤᠰ ᠤᠨ ᠬᠢᠨᠠᠨ ᠪᠤᠳᠤᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠤᠰᠬᠠᠶ ᠮᠡᠷᠭᠡᠵᠢᠯ ᠤᠨ ᠬᠦᠷᠢᠶᠡᠨ ᠳᠠᠬᠢ ᠬᠢᠨᠠᠨ ᠪᠤᠳᠤᠬᠤ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠭᠦ ᠬᠤᠰᠢᠭᠤᠨ ᠤ ᠡᠳ᠋ ᠤᠨ ᠵᠠᠰᠠᠭ ᠠᠵᠤ ᠠᠬᠤᠶ ᠳᠤ ᠬᠤᠯᠪᠣᠭᠳᠠᠬᠤ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠬᠤ ᠳᠤ ᠣᠷᠣᠯᠴᠠᠨ᠎ᠠ᠃ ᠰᠢᠭᠤᠳ ᠬᠢᠨᠠᠨ ᠪᠤᠳᠤᠬᠤ᠂ ᠪᠠᠶᠢᠴᠠᠭᠠᠬᠤ ᠪᠠ ᠬᠠᠷᠭᠤᠭᠤᠯᠤᠨ ᠪᠠᠶᠢᠴᠠᠭᠠᠬᠤ ᠵᠦᠢᠯᠡᠰ ᠲᠤ ᠬᠠᠤᠯᠢ ᠶᠣᠰᠣᠭᠠᠷ ᠬᠢᠨᠠᠨ ᠪᠤᠳᠤᠵᠤ ᠦᠨᠡᠯᠡᠯᠲᠡ ᠬᠢᠵᠦ᠂ ᠬᠢᠨᠠᠨ ᠪᠤᠳᠤᠭᠰᠠᠨ ᠲᠣᠭᠲᠠᠭᠠᠯ ᠭᠠᠷᠭᠠᠬᠤ ᠪᠤᠶᠤ ᠬᠢᠨᠠᠨ ᠪᠤᠳᠤᠭᠰᠠᠨ ᠰᠠᠨᠠᠭᠤᠯᠭ᠎ᠠ ᠲᠤᠷᠠᠳᠤᠨ᠎ᠠ᠃    ︵ᠭᠤᠷᠪᠠ︶ ᠬᠤᠰᠢᠭᠤᠨ ᠤ ᠵᠠᠰᠠᠭ ᠤᠨ ᠣᠷᠳᠣᠨ ᠳᠤ ᠣᠨ ᠤ ᠪᠥᠬᠦ ᠬᠤᠰᠢᠭᠤᠨ ᠤ ᠲᠥᠰᠦᠪ ᠢ ᠬᠦᠢᠴᠡᠳᠭᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠲᠤᠰᠢᠶᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠳᠤ ᠲᠣᠰ ᠱᠠᠲᠤᠨ ᠤ ᠲᠥᠰᠦᠪ ᠢ ᠬᠦᠢᠴᠡᠳᠭᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠲᠠ ᠶᠢᠨ ᠠᠵᠢᠯ ᠤᠨ ᠮᠡᠳᠡᠭᠦᠯᠦᠯᠲᠡ᠂ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠵᠠᠯᠠᠷᠠᠭᠤᠯᠤᠭᠰᠠᠨ ᠪᠠ ᠰᠢᠢᠳᠪᠦᠷᠢᠯᠡᠭᠰᠡᠨ ᠦᠷ᠎ᠡ ᠳ᠋ᠦᠩ ᠤᠨ ᠮᠡᠳᠡᠭᠦᠯᠦᠯᠲᠡ ᠶᠢ ᠳᠤᠷᠠᠳᠤᠨ᠎ᠠ᠃ ᠬᠤᠰᠢᠭᠤᠨ ᠤ ᠵᠠᠰᠠᠭ ᠤᠨ ᠣᠷᠳᠣᠨ ᠳᠤ ᠪᠤᠰᠤᠳ ᠵᠦᠢᠯ ᠤᠨ ᠬᠢᠨᠠᠨ ᠪᠤᠳᠤᠯᠲᠠ ᠪᠠ ᠲᠤᠰᠬᠠᠶ ᠵᠦᠢᠯ ᠤᠨ ᠬᠢᠨᠠᠨ ᠪᠤᠳᠤᠯᠲᠠ ᠶᠢᠨ ᠪᠠᠶᠢᠴᠠᠭᠠᠯᠲᠠ ᠶᠢᠨ ᠪᠠᠶᠢᠳᠠᠯ ᠵᠢᠴᠢ ᠦᠷ᠎ᠡ ᠳ᠋ᠦᠩ ᠢ ᠮᠡᠳᠡᠭᠦᠯᠦᠨ᠎ᠡ᠃ ᠬᠢᠨᠠᠨ ᠪᠤᠳᠤᠯᠳᠠ ᠶᠢᠨ ᠦᠷ᠎ᠡ ᠳ᠋ᠦᠩ ᠢ ᠬᠠᠤᠯᠢ ᠶᠣᠰᠣᠭᠠᠷ ᠨᠡᠶᠢᠭᠡᠮ ᠳᠤ ᠨᠡᠶᠢᠲᠡᠯᠡᠨ᠎ᠡ᠃ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠢᠨᠠᠨ ᠪᠤᠳᠤᠭᠰᠠᠨ ᠪᠠᠶᠢᠳᠠᠯ ᠪᠠ ᠬᠢᠨᠠᠨ ᠪᠤᠳᠤᠭᠰᠠᠨ ᠦᠷ᠎ᠡ ᠳ᠋ᠦᠩ ᠢ ᠮᠡᠳᠡᠭᠳᠡᠨ᠎ᠡ᠃     ︵ᠲᠥᠷᠪᠡ︶ ᠳᠣᠣᠷ᠎ᠠ ᠵᠢᠭᠰᠠᠭᠠᠭᠰᠠᠨ ᠵᠦᠢᠯᠡᠰ ᠢ ᠰᠢᠭᠤᠳ ᠬᠢᠨᠠᠨ ᠪᠤᠳᠤᠬᠤ᠂ ᠬᠢᠨᠠᠨ ᠪᠤᠳᠤᠯᠳᠠ ᠶᠢᠨ ᠮᠡᠳᠡᠭᠦᠯᠦᠯᠲᠡ ᠭᠠᠷᠭᠠᠬᠤ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠬᠢᠨᠠᠨ ᠪᠤᠳᠤᠯᠳᠠ ᠶᠢᠨ ᠲᠣᠭᠲᠠᠭᠠᠯ ᠭᠠᠷᠭᠠᠬᠤ ᠪᠤᠶᠤ ᠬᠤᠯᠪᠣᠭᠳᠠᠯ ᠪᠥᠬᠦᠢ ᠰᠠᠯᠠᠭ᠎ᠠ ᠮᠥᠴᠢᠷ ᠲᠤ ᠰᠢᠢᠳᠪᠦᠷᠢᠯᠡᠬᠦ ᠰᠢᠳᠬᠡᠯ ᠥᠭᠬᠦ ᠰᠠᠨᠠᠭᠤᠯᠭ᠎ᠠ ᠳᠤᠷᠠᠳᠬᠤ ᠶᠢᠨ ᠬᠠᠮᠲᠤ ᠵᠤᠬᠢᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ 1. ᠬᠤᠰᠢᠭᠤᠨ ᠤ ᠲᠡᠰ ᠤᠨ ᠲᠥᠰᠦᠪ ᠢ ᠬᠦᠢᠴᠡᠳᠭᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠬᠤᠰᠢᠭᠤᠨ ᠤ ᠲᠡᠰ ᠤᠨ ᠡᠯ᠎ᠡ ᠰᠠᠯᠠᠭ᠎ᠠ ᠮᠥᠴᠢᠷ ︵ᠰᠢᠭᠤᠳ ᠬᠠᠷᠢᠶ᠎ᠠ ᠨᠢᠭᠡᠴᠡ ᠪᠠᠭᠲᠠᠨ᠎ᠠ︶ ᠤᠨ ᠲᠥᠰᠦᠪ ᠢ ᠬᠦᠢᠴᠡᠳᠭᠡᠭᠰᠡᠨ ᠪᠠᠶᠢᠳᠠᠯ᠂ ᠲᠥᠰᠦᠪ ᠤᠨ ᠬᠦᠢᠴᠡᠳᠭᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠃ 2. ᠬᠤᠰᠢᠭᠤᠨ ᠤ ᠲᠡᠰ ᠤᠨ ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠵᠦ ᠪᠠᠶᠢᠭ᠎ᠠ ᠠᠵᠢᠯ ᠦᠢᠯᠡᠰ ᠤᠨ ᠨᠢᠭᠡᠴᠡ ᠪᠠ ᠨᠡᠶᠢᠭᠡᠮ ᠤᠨ ᠪᠦᠯᠬᠦᠮ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃ 3. ᠬᠤᠰᠢᠭᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠪᠠ ᠬᠤᠰᠢᠭᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠪᠠᠷ ᠭᠤᠤᠯ ᠪᠣᠯᠭᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠰᠦᠪ ᠢ ᠬᠦᠢᠴᠡᠳᠭᠡᠭᠰᠡᠨ ᠪᠠᠶᠢᠳᠠᠯ ᠪᠠ ᠲᠥᠰᠦᠪ ᠤᠨ ᠬᠦᠢᠴᠡᠳᠭᠡᠯ᠃ 4. ᠬᠤᠰᠢᠭᠤᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠬᠤᠰᠢᠭᠤᠨ ᠤ ᠵᠠᠰᠠᠭ ᠤᠨ ᠣᠷᠳᠣᠨ ᠤ ᠲᠣᠭᠲᠠᠭᠠᠭᠰᠠᠨ ᠤᠯᠤᠰ ᠤᠨ ᠥᠮᠴᠢᠯᠡᠯᠲᠦ ᠬᠥᠷᠥᠩᠭᠡ ᠨᠢ ᠬᠤᠪᠢ ᠡᠵᠡᠮᠳᠡᠬᠦ ᠪᠤᠶᠤ ᠭᠤᠤᠯᠯᠠᠬᠤ ᠪᠠᠶᠢᠷᠢ ᠶᠢ ᠡᠵᠡᠯᠡᠵᠦ ᠪᠠᠶᠢᠭ᠎ᠠ ᠠᠵᠤ ᠠᠬᠤᠶᠢᠯᠠᠯ ᠪᠠ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠬᠥᠷᠥᠩᠭᠡ᠂ ᠥᠷᠢ ᠪᠠ ᠣᠯᠵᠠᠪᠤᠷᠢ ᠠᠯᠳᠠᠪᠤᠷᠢ᠃ 5. ᠡᠳ᠋ ᠤᠨ ᠵᠠᠰᠠᠭ ᠤᠨ ᠬᠢᠨᠠᠯᠲᠠ ᠲᠠᠯᠪᠢᠬᠤ ᠲᠥᠰᠦᠯ ᠢ ᠲᠤᠭᠤᠷᠪᠢᠨ ᠲᠣᠭᠲᠠᠭᠠᠵᠤ᠂ ᠡᠳ᠋ ᠤᠨ ᠵᠠᠰᠠᠭ ᠭᠠᠶᠢᠯᠢ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠴᠢᠭᠯᠡᠯᠲᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠪᠠᠶᠢᠴᠠᠭᠠᠨ ᠲᠤᠰᠬᠠᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠲᠤᠷᠠᠳᠤᠨ᠎ᠠ᠃ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠲᠥᠰᠦᠪ ᠤᠨ ᠨᠢᠭᠡᠴᠡ ᠨᠦᠭᠦᠳ ᠤᠨ ᠲᠥᠰᠦᠪ ᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠠᠪᠤᠴᠠ ᠳᠤ ᠬᠠᠤᠯᠢ ᠲᠣᠭᠲᠠᠭᠠᠯ᠂ ᠲᠦᠷᠢᠮ ᠪᠠ ᠲᠦᠷᠦ ᠶᠢᠨ ᠪᠤᠳᠦᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠡᠯ᠎ᠡ ᠲᠥᠰᠦᠪ ᠤᠨ ᠨᠢᠭᠡᠴᠡ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠦᠯᠳᠠ ᠶᠢᠨ ᠪᠠᠶᠢᠳᠠᠯ ᠳᠤ ᠬᠢᠨᠠᠯᠳᠠ ᠲᠠᠯᠪᠢᠨ᠎ᠠ᠃ 6. ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠶᠢᠴᠠᠭᠠᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠥᠬᠦ ᠬᠤᠰᠢᠭᠤᠨ ᠤ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠠᠵᠢᠯ ᠲᠥᠷᠥᠯ ᠪᠠ ᠣᠷᠣᠨ ᠨᠤᠲᠤᠭ ᠤᠨ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠪᠠ ᠬᠤᠰᠢᠭᠤᠨ ᠤ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠪᠠ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠥᠷᠳᠡᠨ ᠪᠠᠶᠢᠴᠠᠭᠠᠨ᠎ᠠ᠃ ᠡᠳ᠋ ᠤᠨ ᠵᠠᠰᠠᠭ ᠤᠨ ᠴᠢᠨᠠᠷᠲᠠᠶ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠤᠬᠢᠷᠠᠭᠤᠯᠤᠯᠳᠠ ᠶᠢ ᠬᠡᠷᠡᠭᠵᠢᠭᠦᠯᠦᠭᠰᠡᠨ ᠪᠠᠶᠢᠳᠠᠯ ᠳᠤ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠬᠦᠯᠦᠨ᠎ᠡ᠃ 7. ᠬᠤᠰᠢᠭᠤᠨ ᠤ ᠵᠠᠰᠠᠭ ᠤᠨ ᠣᠷᠳᠣᠨ ᠤ ᠬᠠᠮᠢᠶᠠᠷᠴᠤ ᠪᠠᠶᠢᠭ᠎ᠠ ᠪᠠ ᠨᠡᠶᠢᠭᠡᠮ ᠤᠨ ᠪᠦᠯᠬᠦᠮ ᠤᠨ ᠬᠤᠰᠢᠭᠤᠨ ᠤ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠬᠠᠮᠢᠶᠠᠷᠴᠤ ᠪᠠᠶᠢᠭ᠎ᠠ ᠨᠡᠶᠢᠭᠡᠮ ᠤᠨ ᠪᠠᠲᠤᠯᠠᠭ᠎ᠠ ᠶᠢᠨ ᠪᠠᠯᠠ ᠮᠥᠩᠭᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠯᠠ ᠮᠥᠩᠭᠦ᠂ ᠨᠡᠶᠢᠭᠡᠮ ᠤᠨ ᠬᠠᠨᠳᠢᠪ ᠤᠨ ᠪᠠᠯᠠ ᠮᠥᠩᠭᠦ ᠵᠢᠴᠢ ᠪᠤᠰᠤᠳ ᠬᠤᠯᠪᠣᠭᠳᠠᠯ ᠪᠥᠬᠦᠶ ᠰᠠᠭᠤᠷᠢ ᠮᠥᠩᠭᠦ᠂ ᠪᠠᠯᠠ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃ 8᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠪᠣᠬᠢᠷᠲᠤᠯ ᠢ ᠰᠡᠷᠭᠡᠶᠢᠯᠡᠨ ᠵᠠᠰᠠᠭᠰᠠᠨ ᠪᠠ ᠠᠮᠢ ᠠᠬᠤᠢ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ ᠶᠢᠨ ᠪᠠᠶᠢᠳᠠᠯ᠃ 9. ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ᠂ ᠵᠢᠭᠡᠯᠡᠯᠭᠡ ᠶᠢᠨ ᠵᠦᠢᠯᠡᠰ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠦᠯᠭ᠎ᠠ᠃ 10᠂ ᠠᠶᠢᠮᠠᠭ ᠤᠨ ᠬᠢᠨᠠᠨ ᠪᠤᠳᠤᠬᠤ ᠲᠣᠪᠴᠢᠶ᠎ᠠ ᠠᠴᠠ ᠡᠷᠬᠡ ᠣᠯᠭᠤᠭᠰᠠᠨ ᠪᠤᠰᠤᠳ ᠬᠢᠨᠠᠨ ᠪᠤᠳᠤᠬᠤ ᠵᠦᠢᠯᠡᠰ᠃ 11. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠤᠳᠤᠬᠤ ᠲᠣᠪᠴᠢᠶ᠎ᠠ ᠠᠴᠠ ᠬᠢᠨᠠᠨ ᠪᠤᠳᠤᠬᠤ ᠪᠤᠰᠤᠳ ᠵᠦᠢᠯᠡᠰ᠃    ︵ᠲᠠᠪᠤ︶ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶  ᠶᠢᠨ ᠨᠠᠮ ᠵᠠᠰᠠᠭ ᠤᠨ ᠤᠳᠤᠷᠢᠳᠬᠤ ᠺᠠᠳ᠋ᠷ ᠵᠢᠴᠢ ᠬᠠᠤᠯᠢ ᠶᠣᠰᠣᠭᠠᠷ ᠬᠢᠨᠠᠨ ᠪᠤᠳᠤᠬᠤ ᠲᠣᠪᠴᠢᠶ᠎ᠠ ᠶᠢᠨ ᠬᠢᠨᠠᠨ ᠪᠤᠳᠤᠵᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠪᠤᠰᠤᠳ ᠨᠢᠭᠡᠴᠡ ᠶᠢᠨ ᠭᠤᠤᠯ ᠬᠠᠷᠢᠭᠤᠴᠠᠯᠭᠠᠲᠠᠨ ᠳᠤ ᠲᠣᠭᠲᠠᠭᠠᠯ ᠶᠣᠰᠣᠭᠠᠷ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠪᠠ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ︵ᠲᠤᠰᠢᠶᠠᠯ ᠠᠴᠠ ᠪᠠᠨ ᠰᠠᠯᠬᠤ︶ ᠶᠢᠨ ᠬᠢᠨᠠᠨ ᠪᠤᠳᠤᠯᠲᠠ ᠶᠢ ᠬᠡᠷᠡᠭᠵᠢᠭᠦᠯᠦᠨ᠎ᠡ᠃     ︵ᠵᠢᠷᠭᠤᠭ᠎ᠠ︶ ᠤᠯᠤᠰ ᠤᠨ ᠡᠳ᠋ ᠤᠨ ᠵᠠᠰᠠᠭ ᠠᠵᠤ ᠠᠬᠤᠶ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠦᠷᠦ ᠶᠢᠨ ᠪᠤᠳᠦᠯᠭ᠎ᠠ ᠪᠠ ᠬᠤᠷᠸ᠎ᠠ ᠲᠤᠬᠢᠷᠠᠭᠤᠯᠭ᠎ᠠ ᠡᠵᠡᠮᠳᠡᠯ ᠤᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠪᠤᠶᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠣᠨᠴᠠ ᠲᠣᠭᠲᠠᠭᠠᠭᠰᠠᠨ ᠬᠡᠷᠡᠭ ᠶᠠᠪᠤᠳᠠᠯ ᠳᠤ ᠲᠤᠰᠬᠠᠶ ᠵᠦᠢᠯ ᠤᠨ ᠬᠢᠨᠠᠨ ᠪᠤᠳᠦᠯᠳᠠ ᠶᠢᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠤᠯᠤᠰ ᠤᠨ ᠡᠬᠢ ᠪᠠᠶᠠᠯᠢᠭ᠂ ᠪᠡᠯᠡ ᠮᠥᠩᠭᠦ ᠪᠠ ᠵᠢᠭᠡᠯᠡᠯᠭᠡ ᠶᠢ ᠬᠡᠷᠡᠭᠯᠡᠬᠦ ᠪᠤᠶᠤ ᠤᠯᠤᠰ ᠤᠨ ᠭᠠᠶᠢᠯᠢ ᠲᠠᠲᠠᠪᠤᠷᠢ ᠳᠤ ᠬᠤᠯᠪᠣᠭᠳᠠᠬᠤ ᠪᠤᠰᠤᠳ ᠨᠢᠬᠡᠴᠡ ᠳᠤ ᠬᠢᠨᠠᠨ ᠪᠤᠳᠤᠯᠳᠠ ᠶᠢᠨ ᠪᠠᠶᠢᠴᠠᠭᠠᠯᠲᠠ ᠬᠢᠨ᠎ᠠ᠃    ︵ᠳᠣᠯᠤᠭ᠎ᠠ︶ ᠬᠢᠨᠠᠨ ᠪᠤᠳᠤᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠤ᠂ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠱᠠᠯᠠᠪᠳᠠᠭᠤᠯᠤᠨ ᠵᠠᠯᠠᠷᠠᠭᠤᠯᠬᠤ ᠪᠠ ᠰᠢᠢᠳᠪᠦᠷᠢᠯᠡᠵᠦ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠬᠢᠨᠠᠨ ᠪᠤᠳᠤᠯᠲᠠ ᠶᠢᠨ ᠲᠣᠭᠲᠠᠭᠠᠯ ᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠳᠡᠪᠰᠢᠭᠦᠯᠦᠭᠰᠡᠨ᠂ ᠵᠠᠰᠠᠭ ᠵᠠᠬᠢᠷᠭᠠᠨ ᠤ ᠵᠠᠷᠭᠤ ᠪᠤᠶᠤ ᠬᠤᠰᠢᠭᠤᠨ ᠵᠠᠰᠠᠭ ᠤᠨ ᠣᠷᠳᠣᠨ ᠤ ᠲᠠᠰᠤᠯᠤᠯᠲᠠ ᠳᠠᠬᠢ ᠬᠤᠯᠪᠣᠭᠳᠠᠯ ᠪᠥᠬᠦᠶ ᠵᠦᠢᠯᠡᠰ ᠢ ᠬᠠᠤᠯᠢ ᠶᠣᠰᠣᠭᠠᠷ ᠬᠦᠢᠴᠡᠳᠬᠡᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠤᠯᠪᠣᠭᠳᠠᠯ ᠪᠦᠬᠦᠢ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃    ︵ᠨᠠᠢᠮᠠ︶ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠨᠢᠭᠡᠴᠡ ᠳᠤ ᠬᠢᠵᠦ ᠥᠭᠭᠦᠭᠰᠡᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢ ᠬᠠᠷᠭᠤᠭᠤᠯᠤᠨ ᠪᠠᠶᠢᠴᠠᠭᠠᠨ᠎ᠠ᠃    ︵ᠶᠢᠰᠦ︶ ᠬᠤᠰᠢᠭᠤᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃    ︵ᠠᠷᠪᠠ︶ ᠬᠤᠰᠢᠭᠤᠨ ᠤ ᠨᠠᠮ ᠤᠨ ᠬᠤᠷᠢᠶ᠎ᠠ ᠪᠤᠶᠤ ᠬᠤᠰᠢᠭᠤᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠᠨ ᠨᠢᠭᠡ︶ ᠡᠭᠦᠷᠭᠡ ᠴᠢᠳᠠᠪᠦᠷᠢ ᠶᠢᠨ ᠬᠤᠪᠢᠷᠠᠭᠤᠯᠤᠯᠳᠠ ᠬᠢᠨᠠᠨ ᠪᠤᠳᠤᠬᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠨ᠂ ᠬᠢᠨᠠᠨ ᠪᠤᠳᠤᠬᠤ ᠪᠠᠶᠢᠭᠤᠯᠭ᠎ᠠ ᠶᠢᠨ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠳᠣᠲᠣᠭᠠᠳᠤ ᠶᠢᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠨ᠂ ᠬᠢᠨᠠᠨ ᠪᠤᠳᠤᠬᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠢᠭᠡᠳᠦᠭᠡᠷ ᠹᠷᠣᠨᠲ ᠤᠨ ᠬᠢᠨᠠᠨ ᠪᠤᠳᠤᠬᠤ ᠬᠦᠴᠦᠨ ᠢ ᠲᠡᠭᠦᠯᠳᠡᠷᠵᠢᠭᠦᠯᠦᠨ ᠴᠢᠩᠭᠠᠳᠬᠠᠨ᠎ᠠ᠃ ᠲᠥᠪᠯᠡᠷᠡᠩᠭᠦᠶ ᠨᠢᠭᠡᠳᠦᠯᠲᠡᠶ᠂ ᠪᠥᠬᠦ ᠲᠠᠯ᠎ᠠ ᠶᠢ ᠬᠠᠮᠤᠷᠤᠭᠰᠠᠨ᠂ ᠡᠷᠬᠡ ᠰᠦᠷ ᠲᠠᠢ ᠳᠡᠭᠡᠳᠦ ᠰᠤᠷᠭᠠᠭᠤᠯᠢ ᠶᠢᠨ ᠬᠢᠨᠠᠨ ᠪᠤᠳᠤᠵᠤ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ᠎ᠠ᠃ ᠬᠢᠨᠠᠨ ᠪᠤᠳᠤᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠢᠨᠠᠨ ᠪᠠᠶᠢᠴᠠᠭᠠᠬᠤ ᠶᠢ ᠴᠢᠩᠭᠠᠳᠬᠠᠬᠤ ᠶᠢ ᠪᠠᠷᠢᠮᠲᠠᠯᠠᠨ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠳᠣᠲᠣᠭᠠᠳᠤ ᠶᠢᠨ ᠬᠢᠨᠠᠨ ᠪᠤᠳᠤᠬᠤ ᠪᠠ ᠨᠡᠶᠢᠭᠡᠮ ᠤᠨ ᠬᠢᠨᠠᠨ ᠪᠤᠳᠤᠬᠤ ᠬᠦᠴᠦᠨ ᠢ ᠬᠦᠢᠴᠡᠳ ᠳᠠᠶᠢᠴᠢᠯᠠᠨ᠂ ᠬᠢᠨᠠᠯᠲᠠ ᠲᠠᠯᠪᠢᠬᠤ ᠬᠠᠮᠳᠦᠷᠠᠯ ᠬᠦᠴᠦᠨ ᠢ ᠴᠢᠩᠭᠠᠷᠠᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号