2023 ᠣᠨ ᠳᠤ᠂ ᠷᠠᠰᠢᠶᠠᠨ ᠬᠤᠲᠠ 536.71 ᠲᠦᠮᠡᠨ ᠬᠥᠮᠦᠨ ᠤᠳᠠᠭ᠎ᠠ ᠶᠢᠨ ᠵᠢᠭᠤᠯᠴᠢᠯᠠᠭᠴᠢ ᠶᠢ | ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 67.09 ᠳ᠋ᠦᠩᠰᠢᠭᠤᠷ ᠲᠥᠭᠦᠷᠢᠭ ᠲᠤ ᠬᠦᠷᠴᠦ᠂ | ᠵᠢᠭᠤᠯᠴᠢᠯᠠᠭᠴᠢ ᠨᠢ 2014 ᠣᠨ ᠤ ᠬᠢ ᠠᠴᠠ 171.25% ᠪᠠᠷ ᠨᠡᠮᠡᠭᠳᠡᠵᠦ᠂ ᠣᠷᠣᠯᠭ᠎ᠠ ᠨᠢ 2014 | ᠣᠨ ᠤ ᠬᠢ ᠠᠴᠠ 158.13% ᠪᠠᠷ ᠨᠡᠮᠡᠭᠳᠡᠵᠡᠶ᠃ | ︽ᠤᠳᠤ ᠷᠠᠰᠢᠶᠠᠨ ᠤ ᠵᠢᠭᠤᠯᠴᠢᠯᠠᠯ ᠬᠥᠭᠵᠢᠶᠡᠨᠲᠡᠢ ᠪᠤᠯᠵᠤ᠂ ᠡᠯ᠎ᠡ ᠭᠠᠵᠠᠷ ᠤᠨ ᠵᠢᠭᠤᠯᠴᠢᠯᠠᠭᠰᠠᠳ ᠤᠯᠠᠮ ᠠᠴᠠ | ᠤᠯᠠᠮ ᠣᠯᠠᠰᠢᠷᠠᠵᠤ᠂ ᠮᠢᠨᠦ ᠡᠨᠡᠬᠦ ᠵᠢᠵᠢᠭ ᠬᠤᠭᠤᠯᠠᠨ ᠭᠡᠷ ᠤᠨ ᠣᠷᠣᠯᠭ᠎ᠠ ᠴᠤ ᠵᠢᠯ ᠠᠴᠠ ᠵᠢᠯ ᠨᠡᠮᠡᠭᠳᠡᠵᠦ ᠪᠠᠶᠢᠨ᠎ᠠ︾ | ᠭᠡᠵᠦ ᠷᠠᠰᠢᠶᠠᠨ ᠬᠤᠳᠠ ᠳᠤ ᠬᠠᠯᠠᠭᠤᠨ ᠲᠣᠭᠤᠭᠠᠨ ᠬᠤᠭᠤᠯᠠᠨ ᠭᠡᠷ ᠡᠵᠡᠩᠨᠡᠵᠤ ᠪᠠᠶᠢᠭ᠎ᠠ ᠶᠤᠸᠠᠨ ᠬᠤᠩ ᠶᠠᠨ ᠡᠷ᠎ᠡ | ᠡᠮ᠎ᠡ ᠬᠤᠶᠠᠭᠤᠯᠠ ᠪᠠᠶᠠᠷᠯᠠᠵᠤ ᠪᠠᠶᠢᠯ᠎ᠠ᠃ | ᠣᠶᠢᠷ᠎ᠠ ᠶᠢᠨ ᠵᠢᠯ ᠳᠤ᠂ ᠷᠠᠰᠢᠶᠠᠨ ᠬᠤᠲᠠ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠬᠡᠯᠪᠡᠷᠢ ᠶᠢ ᠨᠡᠮᠡᠭᠳᠡᠭᠦᠯᠬᠦ᠂ | ᠬᠡᠷᠡᠭᠯᠡᠭᠡ ᠶᠢ ᠠᠬᠢᠭᠤᠯᠬᠤ ᠶᠢᠨ ᠲᠣᠭᠤᠷᠢᠨ ᠳᠤ ᠵᠢᠭᠤᠯᠴᠢᠯᠠᠯ ᠤᠨ ᠪᠦᠳᠥᠭᠡᠭᠳᠡᠬᠦᠨ ᠢ ᠲᠠᠰᠤᠷᠠᠯᠲᠠ ᠥᠬᠡᠶ | ᠪᠠᠶᠠᠯᠢᠭᠵᠢᠭᠤᠯᠤᠨ᠂ 34.95 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 85 ᠭᠤᠤᠯᠳᠠᠯᠭ᠎ᠠ ᠲᠠᠢ | ᠲᠥᠷᠥᠯ ᠵᠦᠢᠯ ᠢ ᠵᠠᠯᠭᠠᠭ᠎ᠠ ᠪᠠᠷ ᠬᠡᠷᠡᠭᠵᠢᠭᠦᠯᠵᠦ᠂ ᠪᠥᠬᠦ ᠣᠷᠣᠨ ᠪᠦᠰᠡ᠂ ᠪᠥᠬᠦ ᠤᠯᠠᠷᠢᠯ ᠤᠨ᠂ ᠳᠡᠰ ᠳᠡᠪᠰᠢᠭᠰᠡᠨ | ᠵᠢᠭᠤᠯᠴᠢᠯᠠᠯ ᠤᠨ ᠥᠢᠯᠡᠰ ᠢ ᠬᠦᠭᠵᠢᠬᠦᠯᠪᠡ᠃ | ᠣᠳᠣᠬᠠᠨ ᠤ ᠷᠠᠰᠢᠶᠠᠨ ᠬᠤᠳᠠ ︽ᠨᠢᠭᠡ ᠬᠤᠲᠠ ᠪᠠᠷ ᠬᠥᠲᠥᠯᠥᠨ ᠳᠠᠭᠠᠭᠤᠯᠵᠤ᠂ ᠲᠠᠪᠤᠨ ᠲᠣᠭᠤᠷᠢᠭ ᠢᠶᠠᠷ | ᠲᠤᠯᠭᠠᠭᠤᠷᠢᠯᠠᠭᠤᠯᠬᠤ︾ ᠪᠦᠬᠦ ᠣᠷᠣᠨ ᠪᠦᠰᠡ ᠶᠢᠨ ᠵᠢᠭᠤᠯᠴᠢᠯᠠᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ | ᠵᠢᠷᠭᠤᠭᠠᠨ ᠲᠣᠮᠣ ᠵᠢᠭᠤᠯᠴᠢᠯᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠵᠦ᠂ ᠰᠠᠭᠤᠷᠢ ᠲᠥᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠤᠲᠠ ᠶᠢᠨ ᠡᠷᠡᠭᠦᠯᠵᠢᠯ ᠰᠤᠪᠢᠯᠠᠯᠲᠠ ᠪᠠ | ᠰᠡᠯᠡᠭᠦᠴᠡᠯ ᠠᠮᠠᠷᠠᠯᠲᠠ ᠶᠢᠨ ᠴᠢᠳᠠᠮᠵᠢ ᠶᠢ ᠨᠠᠩ ᠲᠡᠭᠦᠯᠳᠡᠷᠵᠢᠭᠦᠯᠵᠦ᠂ ᠰᠥᠨᠢ ᠶᠢᠨ ᠠᠵᠤ ᠠᠬᠤᠶ ᠪᠠ ᠡᠪᠦᠯ ᠤᠨ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠤᠨ᠂ ᠵᠢᠭᠤᠯᠴᠢᠯᠠᠯ ᠤᠨ | ᠦᠢᠯᠡᠴᠢᠯᠡᠭᠡᠨ ᠤ ᠲᠥᠬᠦᠭᠡᠷᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠵᠢᠭᠤᠯᠴᠢᠯᠠᠯ ᠤᠨ ᠠᠵᠤ | ᠦᠢᠯᠡᠰ ᠤᠨ ᠭᠤᠤᠯᠯᠠᠬᠤ ᠥᠷᠢᠰᠦᠯᠳᠦᠬᠦ ᠬᠦᠴᠦᠨ ᠢ ᠢᠯᠡᠳᠲᠡ ᠴᠢᠩᠭᠠᠳᠬᠠᠨ᠂ ᠵᠢᠭᠤᠯᠴᠢᠯᠠᠯ ᠤᠨ ᠭᠤᠤᠯᠯᠠᠬᠤ | ᠠᠵᠤ ᠦᠢᠯᠡᠰ ᠤᠨ ᠪᠠᠶᠢᠷᠢ ᠰᠠᠭᠤᠷᠢ ᠶᠢ ᠨᠠᠩ ᠲᠣᠪᠤᠶᠢᠯᠭᠠᠭᠰᠠᠨ ᠪᠠᠶᠢᠨ᠎ᠠ᠃ | ᠷᠠᠰᠢᠶᠠᠨ ᠬᠤᠳᠠ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠳᠡᠷᠢᠬᠦᠨ | ᠴᠢᠬᠤᠯᠠ ᠢᠨᠵᠧᠨᠧᠷᠢᠩ ᠪᠣᠯᠭᠠᠨ ᠠᠳᠬᠤᠵᠤ᠂ ᠨᠡᠶᠢᠳᠡ 48.75 ᠳ᠋ᠦᠩᠰᠢᠭᠤᠷ ᠲᠥᠭᠦᠷᠢᠭ ᠤᠨ ᠪᠡᠯᠡ ᠮᠥᠩᠭᠦ | ᠣᠷᠣᠭᠤᠯᠵᠤ᠂ 2019 ᠣᠨ ᠪᠣᠯᠲᠠᠯ᠎ᠠ ᠪᠤᠢ ᠪᠦᠬᠦᠢ ᠲᠦᠬᠦᠮ ᠪᠦᠳᠦᠴᠡᠳᠦ ᠣᠷᠣᠨ ᠰᠠᠭᠤᠴᠠ ᠶᠢᠨ | ᠲᠣᠭᠤᠷᠢᠭ ᠤᠨ ᠰᠠᠭᠤᠭᠠᠯᠢ ᠠᠷᠠᠳ ᠪᠦᠬᠦᠨ ᠢᠶᠠᠷ ᠢᠶᠠᠨ ᠠᠰᠠᠷ ᠲᠤ ᠨᠡᠬᠦᠵᠤ᠂ 3 ᠲᠦᠮᠡᠨ ᠬᠥᠮᠦᠨ ᠤ ᠨᠤᠷᠠᠬᠤ | ᠠᠶᠤᠯᠳᠠᠢ ᠣᠷᠣᠨ ᠰᠠᠭᠤᠴᠠ ᠳᠤ ᠠᠮᠢᠳᠤᠷᠠᠵᠤ ᠪᠠᠶᠢᠭᠰᠠᠨ ᠠᠴᠠ ᠪᠠᠨ ᠳᠤᠯᠠᠭᠠᠨ ᠳᠠᠭᠠᠯᠠᠮᠵᠢᠳᠠᠢ ᠣᠷᠣᠨ | ᠰᠠᠭᠤᠴᠠ ᠳᠤ ᠰᠠᠭᠤᠬᠤ ᠬᠦᠰᠡᠯ ᠨᠢ ᠪᠡᠶᠡᠯᠡᠭᠳᠡᠪᠡ᠃ | ᠷᠠᠰᠢᠶᠠᠨ ᠬᠤᠲᠠ ᠳᠥᠭᠦᠮ ᠪᠦᠳᠥᠴᠡᠳᠥ ᠣᠷᠣᠨ ᠰᠠᠭᠤᠴᠠ ᠶᠢ ᠥᠭᠡᠷᠡᠴᠢᠯᠡᠭᠰᠡᠨ ᠦᠷ᠎ᠡ ᠪᠦᠲᠦᠭᠡᠯ ᠢ | ᠪᠠᠬᠢᠵᠢᠭᠦᠯᠵᠦ᠂ ᠰᠠᠭᠤᠷᠢ ᠳᠦᠬᠦᠭᠡᠷᠦᠮᠵᠢ ᠶᠢ ᠲᠡᠭᠦᠯᠳᠡᠷᠵᠢᠭᠦᠯᠦᠨ᠂ ᠬᠤᠲᠠ ᠶᠢᠨ ᠲᠣᠭᠤᠷᠢᠭ ᠤᠨ | ᠭᠡᠷᠡᠯᠲᠦᠭᠦᠯᠭᠡ ᠶᠢᠨ ᠨᠣᠷᠮ᠎ᠠ᠂ ᠲᠦᠭᠡᠭᠡᠯ ᠤᠰᠤ ᠶᠢ ᠲᠦᠭᠡᠮᠡᠯᠵᠢᠭᠦᠯᠦᠭᠰᠡᠨ ᠨᠣᠷᠮ᠎ᠠ᠂ ᠬᠤᠭ ᠨᠣᠪᠰᠢ ᠶᠢ | ᠰᠢᠢᠳᠪᠦᠷᠢᠯᠡᠭᠰᠡᠨ ᠨᠣᠷᠮ᠎ᠠ ᠶᠢ ᠲᠣᠰ ᠲᠣᠰ 95%᠂ 98.14%᠂ 99.69% ᠳᠤ ᠬᠦᠷᠭᠡᠵᠦ᠂ ᠳᠥᠭᠦᠮ | ᠪᠦᠳᠥᠴᠡᠳᠥ ᠣᠷᠣᠨ ᠰᠠᠭᠤᠴᠠ ᠶᠢ ᠳᠤᠯᠠᠭᠠᠯᠠᠬᠤ ᠳᠤ ᠬᠦᠴᠢᠷ᠂ ᠤᠰᠤ ᠢᠳᠡᠬᠦ ᠳᠤ ᠬᠦᠴᠢᠷ᠂ ᠵᠠᠮ ᠶᠠᠪᠤᠬᠤ ᠳᠤ | ᠬᠦᠴᠢᠷ ᠪᠠᠶᠢᠬᠤ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠪᠡ᠃ ᠬᠤᠲᠠ ᠶᠢᠨ ᠬᠦᠮᠦᠨ ᠳᠤᠮᠳᠠᠴᠢ ᠶᠢᠨ | ᠴᠡᠴᠡᠷᠯᠢᠭ ᠨᠤᠭᠤᠭᠠᠷᠠᠭᠤᠯᠤᠯᠳᠠ ᠶᠢᠨ ᠲᠠᠯᠠᠪᠠᠶ 16.35 ᠲᠡᠭᠰᠢ ᠳᠥᠷᠪᠡᠯᠵᠢᠨ ᠮᠧᠲᠷ ᠲᠤ ᠬᠦᠷᠴᠦ᠂ ᠬᠤᠲᠠ ᠶᠢᠨ | ᠴᠢᠳᠠᠮᠵᠢ ᠪᠠ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠣᠯᠭᠤᠭᠰᠠᠨ ︽ᠳᠤᠮᠳᠠᠳᠤ ᠤᠯᠤᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠤ ᠥᠯᠢᠭᠡᠷ ᠵᠢᠱᠢᠶ᠎ᠡ ᠶᠢᠨ ᠱᠠᠩᠨᠠᠯ︾ ᠢ ᠭᠥᠷᠳᠡᠪᠡ᠃ | 2014 ᠣᠨ ᠠᠴᠠ ᠨᠠᠭᠠᠰᠢ ᠷᠠᠰᠢᠶᠠᠨ ᠬᠤᠲᠠ ᠪᠠᠶᠢᠭᠠᠯᠢ ᠶᠢ ᠬᠠᠮᠠᠭᠠᠯᠠᠬᠤ ᠢᠨᠵᠧᠨᠧᠷᠢᠩ ᠢ ᠨᠡᠶᠢᠲᠡ 1650 | ᠲᠦᠮᠡᠨ ᠮᠥ ᠬᠡᠷᠡᠭᠵᠢᠭᠦᠯᠵᠦ᠂ ᠠᠭᠤᠯᠠ ᠶᠢ ᠪᠢᠲᠡᠭᠦᠮᠵᠢᠯᠡᠨ ᠣᠶᠢᠵᠢᠭᠤᠯᠤᠭᠰᠠᠨ ᠳᠠᠯᠠᠪᠠᠢ 120 ᠲᠦᠮᠡᠨ ᠮᠥ᠂ | ᠮᠣᠳᠣ ᠳᠠᠷᠢᠵᠤ ᠣᠶᠢᠵᠢᠭᠤᠯᠤᠭᠰᠠᠨ ᠳᠠᠯᠠᠪᠠᠢ 40 ᠲᠦᠮᠡᠨ ᠮᠥ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ | ᠡᠪᠡᠰᠦ ᠪᠡᠯᠴᠢᠭᠡᠷ ᠢ ᠰᠡᠷᠭᠦᠭᠡᠬᠰᠡᠨ ᠳᠠᠯᠠᠪᠠᠢ 25 ᠲᠦᠮᠡᠨ ᠮᠥ ᠳᠤ ᠲᠤᠯᠵᠤ᠂ ᠭᠤᠤᠯᠳᠠᠯᠭ᠎ᠠ ᠲᠠᠢ ᠣᠷᠣᠨ | ᠪᠦᠰᠡ ᠶᠢᠨ ᠨᠣᠭᠤᠭᠠᠷᠠᠭᠤᠯᠤᠯᠲᠠ ᠶᠢ 1.5 ᠲᠦᠮᠡᠨ ᠮᠥ ᠬᠡᠷᠡᠭᠵᠢᠭᠦᠯᠦᠭᠰᠡᠨ ᠪᠠᠶᠢᠨ᠎ᠠ᠃ ᠪᠥᠬᠦ ᠬᠤᠲᠠ ᠶᠢᠨ ᠣᠶ | ᠰᠢᠭᠤᠶ ᠶᠢᠨ ᠪᠦᠷᠬᠦᠴᠡ ᠶᠢᠨ ᠨᠣᠷᠮ᠎ᠠ 81.2% ᠲᠤ ᠬᠦᠷᠴᠦ᠂ ᠤᠷᠭᠤᠮᠠᠯ ᠤᠨ ᠪᠦᠷᠬᠦᠴᠡ ᠶᠢᠨ ᠨᠣᠷᠮ᠎ᠠ | 95% ᠠᠴᠠ ᠳᠡᠭᠡᠭᠰᠢ ᠳᠤ ᠬᠦᠷᠴᠦ᠂ ᠭᠠᠵᠠᠷ ᠳᠣᠤᠷᠠᠬᠢ ᠤᠰᠤ᠂ ᠭᠠᠵᠠᠷ ᠳᠡᠭᠡᠷᠡᠬᠢ ᠤᠰᠤ ᠴᠥᠮ Ⅲ | ᠲᠥᠷᠥᠯ ᠤᠨ ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃ | ᠷᠠᠰᠢᠶᠠᠨ ᠬᠤᠳᠠ ︽ᠠᠮᠢ ᠠᠬᠤᠶ ᠪᠠᠷ ᠬᠤᠲᠠ ᠪᠠᠨ ᠪᠠᠶᠢᠭᠤᠯᠵᠤ᠂ ᠵᠢᠭᠤᠯᠴᠢᠯᠠᠯ ᠢᠶᠠᠷ ᠬᠤᠲᠠ ᠪᠠᠨ | ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠠᠭᠠᠨ ᠰᠠᠭᠤᠷᠢᠯᠠᠨ᠂ ᠬᠥᠬᠡᠮᠳᠦᠭ ᠨᠣᠭᠤᠭᠠᠨ | ᠠᠭᠤᠯᠠ ᠤᠰᠤ ᠶᠢ ᠡᠳ᠋ ᠪᠠᠶᠠᠯᠢᠭ ᠪᠣᠯᠭᠠᠵᠤ᠂ ᠠᠮᠢ ᠠᠬᠤᠢ ᠶᠢᠨ ᠳᠠᠪᠠᠭᠤᠯᠢᠭ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠵᠢᠱᠶ᠊ ᠡᠶ᠎ᠡ ᠦᠵᠡᠭᠦᠯᠬᠦ ᠲᠣᠭᠤᠷᠢᠭ᠂ ︽ᠨᠢᠭᠡ | ᠪᠦᠰᠡ ᠨᠢᠭᠡ ᠵᠠᠮ︾ ᠤᠨ ᠤᠯᠠᠨ ᠤᠯᠤᠰ ᠤᠨ ᠡᠷᠡᠭᠦᠯ ᠮᠡᠨᠳᠦ ᠶᠢᠨ ᠵᠢᠭᠤᠯᠴᠢᠯᠠᠯ ᠤᠨ ᠵᠤᠷᠢᠯᠳᠠᠳᠥ ᠭᠠᠵᠠᠷ᠂ | ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠶ᠊ ᠡᠶ᠎ᠡ ᠦᠵᠡᠭᠦᠯᠬᠦ ᠬᠤᠳᠠ᠂ ︽ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ | ᠰᠠᠭᠤᠷᠢᠨ ᠵᠡᠷᠭᠡ ᠢᠷᠠᠭᠤ ᠠᠯᠳᠠᠷ ᠢ ᠬᠦᠷᠳᠡᠵᠤ᠂ ᠠᠮᠢ ᠠᠬᠤᠢ ᠶᠢᠨ ᠪᠣᠯᠪᠠᠰᠤᠨ ᠤ ᠦᠵᠡᠰᠭᠦᠯᠡᠩᠲᠦ ᠰᠠᠶᠢᠬᠠᠨ | ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ |