ᠮᠠᠨ ᠤ ᠤᠷᠤᠨ 2024 ᠤᠨ ᠤ ᠴᠠᠭᠢᠯᠭᠠᠨ ᠬᠦᠴᠦᠨ ᠤ ᠳᠤᠮᠳᠠ ᠤᠷᠳᠤ ᠬᠤᠭᠤᠴᠠᠭᠠᠨ ᠤ ᠠᠷᠠᠯᠵᠢᠶ᠎ᠠ ᠶᠢ ᠦᠨᠳᠦᠰᠦᠨ ᠳᠡᠭᠡᠨ ᠵᠤᠬᠢᠶᠠᠨ ᠪᠠᠶᠢᠭᠤᠯᠵᠤ ᠳᠠᠭᠤᠰᠬᠠᠪᠠ
ᠨᠡᠶᠢᠲᠡᠯᠡᠭᠰᠡᠨ ᠴᠠᠭ᠄
2024/3/5
   ᠣᠲᠣ ᠪᠣᠯᠲᠠᠯ᠎ᠠ᠂ ᠮᠠᠨ ᠤ ᠤᠷᠤᠨ 2024 ᠣᠨ ᠤ ᠴᠠᠬᠢᠯᠭᠠᠨ ᠬᠦᠴᠦᠨ ᠤ ᠳᠤᠮᠳᠠ ᠣᠷᠳᠣ ᠬᠤᠭᠤᠴᠠᠭᠠᠨ ᠤ ᠠᠷᠠᠯᠵᠢᠶ᠎ᠠ ᠶᠢ ᠨᠢᠭᠡᠨᠳᠡ ᠦᠨᠳᠦᠰᠦᠨ ᠳᠡᠭᠡᠨ ᠵᠣᠬᠢᠶᠠᠨ ᠪᠠᠶᠢᠭᠤᠯᠤᠨ ᠳᠠᠭᠤᠰᠬᠠᠪᠠ᠃ ᠥᠪᠥᠷ ᠮᠣᠩᠭᠤᠯ ᠤᠨ ᠵᠡᠭᠦᠨᠳᠠᠬᠢ ᠵᠢᠯ ᠤᠨ ᠠᠷᠠᠯᠵᠢᠶ᠎ᠠ ᠪᠦᠲᠦᠭᠰᠡᠨ ᠴᠠᠬᠢᠯᠭᠠᠨ ᠤ ᠬᠡᠮᠵᠢᠶ᠎ᠡ 297.66 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠥᠬᠦ ᠵᠢᠯ ᠤᠨ ᠵᠢᠱᠢᠭᠰᠡᠨ ᠠᠷᠠᠯᠵᠢᠶᠠᠨ ᠤ ᠬᠡᠪᠴᠢᠶ᠎ᠡ ᠶᠢᠨ 85.29% ᠶᠢ ᠪᠡᠶᠡᠯᠡᠭᠦᠯᠪᠡ᠃ ᠡᠭᠦᠨ ᠳᠤ ᠰᠢᠨ᠎ᠡ ᠡᠨᠧᠷᠭᠢ ᠶᠢᠨ ᠶᠡᠷᠦᠩᠬᠡᠢ ᠠᠷᠠᠯᠵᠢᠶ᠎ᠠ ᠪᠦᠲᠦᠭᠰᠡᠨ ᠴᠠᠬᠢᠯᠭᠠᠨ ᠤ ᠬᠡᠮᠵᠢᠶᠡᠨ ᠤ 59.27% ᠶᠢ ᠡᠵᠡᠯᠡᠵᠦ᠂ ᠢᠯᠴᠢ ᠶᠢᠨ ᠴᠠᠬᠢᠯᠭᠠᠨ 40.73% ᠶᠢ ᠡᠵᠡᠯᠡᠪᠡ︔ ᠥᠪᠥᠷ ᠮᠣᠩᠭᠤᠯ ᠤᠨ ᠪᠠᠷᠠᠭᠤᠨᠳᠡᠬᠢ ᠶᠢᠨ ᠵᠢᠯ ᠤᠨ ᠠᠷᠠᠯᠵᠢᠶ᠎ᠠ ᠪᠦᠲᠦᠭᠰᠡᠨ ᠴᠠᠬᠢᠯᠭᠠᠨ ᠤ ᠬᠡᠮᠵᠢᠶ᠎ᠡ 2530.28 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠥᠬᠦ ᠵᠢᠯ ᠤᠨ ᠵᠢᠱᠢᠭᠰᠡᠨ ᠠᠷᠠᠯᠵᠢᠶᠠᠨ ᠤ ᠬᠡᠪᠴᠢᠶ᠎ᠡ ᠶᠢᠨ 90.37% ᠶᠢ ᠪᠡᠶᠡᠯᠡᠭᠦᠯᠪᠡ᠃ ᠡᠭᠦᠨ ᠳᠤ ᠰᠢᠨ᠎ᠡ ᠡᠨᠧᠷᠭᠢ ᠶᠢᠨ ᠡᠵᠡᠯᠡᠬᠦ ᠬᠠᠷᠢᠴᠠᠯ ᠨᠢ 33.54%᠂ ᠢᠯᠴᠢ ᠶᠢᠨ ᠴᠠᠬᠢᠯᠭᠠᠨ ᠤ ᠡᠵᠡᠯᠡᠬᠦ ᠬᠠᠷᠢᠴᠠᠯ ᠨᠢ 66.46% ᠪᠣᠯᠣᠨ᠎ᠠ᠃   ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠵᠧᠩ᠂ 2024 ᠣᠨ ᠳᠤ ᠥᠪᠥᠷ ᠮᠣᠩᠭᠤᠯ ᠤᠨ ᠴᠠᠬᠢᠯᠭᠠᠨ ᠬᠦᠴᠦᠨ ᠤ ᠳᠤᠮᠳᠠ ᠣᠷᠳᠣ ᠬᠤᠭᠤᠴᠠᠭᠠᠨ ᠤ ᠠᠷᠠᠯᠵᠢᠶ᠎ᠠ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠥᠪᠥᠷ ᠮᠣᠩᠭᠤᠯ ᠤᠨ ᠵᠡᠭᠦᠨ ᠪᠡᠶ᠎ᠡ᠂ ᠥᠪᠥᠷ ᠮᠣᠩᠭᠤᠯ ᠤᠨ ᠪᠠᠷᠠᠭᠤᠨ ᠪᠡᠶ᠎ᠡ ᠶᠢᠨ ᠬᠤᠶᠠᠷ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠳᠤᠮᠳᠠ ᠣᠷᠳᠣ ᠬᠤᠭᠤᠴᠠᠭᠠᠨ ᠤ ᠠᠷᠠᠯᠵᠢᠶ᠎ᠠ ᠶᠢᠨ ᠦᠨᠳᠦᠰᠦᠨ ᠪᠣᠷᠣ ᠲᠥᠯᠥᠪ ᠢ ᠬᠤᠪᠢᠷᠠᠭᠤᠯᠬᠤ ᠦᠭᠡᠢ ᠦᠷᠭᠦᠯᠵᠢᠯᠡᠭᠦᠯᠵᠦ᠂ ᠵᠠᠬ᠎ᠠ ᠳᠡᠯᠭᠡᠭᠦᠷ ᠤᠨ ᠠᠷᠠᠯᠵᠢᠶ᠎ᠠ ᠶᠢ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠣᠭᠲᠠᠭᠤᠨ ᠢᠶᠠᠷ ᠣᠷᠣᠯᠴᠠᠬᠤ ᠶᠢ ᠪᠠᠲᠤᠯᠠᠨ᠎ᠠ ᠭᠡᠵᠤ ᠳᠠᠨᠢᠯᠴᠠᠭᠤᠯᠪᠠ᠃   ᠡᠭᠦᠨ ᠤ ᠬᠠᠮᠲᠤ᠂ 2024 ᠣᠨ ᠳᠤ ᠥᠪᠥᠷ ᠮᠣᠩᠭᠤᠯ ᠤᠨ ᠴᠠᠬᠢᠯᠭᠠᠨ ᠬᠦᠴᠦᠨ ᠤ ᠳᠤᠮᠳᠠ ᠣᠷᠳᠣ ᠬᠤᠭᠤᠴᠠᠭᠠᠨ ᠤ ᠠᠷᠠᠯᠵᠢᠶ᠎ᠠ ᠳᠤ ᠬᠡᠰᠡᠭ ᠲᠠᠯ᠎ᠠ ᠪᠠᠷ ᠰᠢᠯᠢᠳᠡᠭᠵᠢᠭᠦᠯᠦᠨ ᠲᠣᠬᠢᠷᠠᠭᠤᠯᠤᠯᠲᠠ ᠬᠢᠵᠡᠢ᠂ ᠳᠠᠷᠤᠢ ᠠᠷᠠᠯᠵᠢᠶᠠᠯᠠᠬᠤ ᠴᠠᠭ ᠤᠨ ᠳᠠᠷᠠᠭᠠᠯᠠᠯ ᠢ ᠰᠢᠯᠢᠳᠡᠭᠵᠢᠭᠦᠯᠵᠦ᠂ ᠰᠢᠨ᠎ᠡ ᠡᠨᠧᠷᠭᠢ ᠠᠷᠠᠯᠵᠢᠶ᠎ᠠ ᠶᠢ ᠨᠡᠭᠦᠷᠡᠰᠦᠨ ᠴᠠᠭᠢᠯᠭᠠᠨ ᠤ ᠠᠷᠠᠯᠵᠢᠶ᠎ᠠ ᠠᠴᠠ ᠡᠮᠦᠨ᠎ᠡ ᠲᠣᠬᠢᠷᠠᠭᠤᠯᠪᠠ︔ ᠠᠷᠠᠯᠵᠢᠶᠠᠨ ᠤ ᠢᠳᠡᠪᠬᠢ ᠴᠢᠨᠠᠷ ᠢ ᠨᠡᠮᠡᠭᠳᠡᠭᠦᠯᠵᠦ᠂ ᠴᠠᠬᠢᠯᠭᠠᠨ ᠬᠦᠴᠦᠨ ᠤ ᠬᠡᠷᠡᠭᠯᠡᠭᠴᠢ ᠶᠢᠨ ᠠᠷᠠᠯᠵᠢᠶ᠎ᠠ ᠪᠦᠲᠦᠭᠰᠡᠨ ᠰᠢᠨ᠎ᠡ ᠡᠨᠧᠷᠭᠢ ᠶᠢᠨ ᠴᠠᠬᠢᠯᠭᠠᠨ ᠤ ᠬᠡᠮᠵᠢᠶ᠎ᠡ ᠶᠢᠨ ᠳᠡᠭᠡᠳᠦ ᠬᠢᠵᠠᠭᠠᠷ ᠢ ᠬᠦᠴᠦᠨ ᠦᠭᠡᠢ ᠪᠣᠯᠭᠠᠵᠤ᠂ ᠬᠠᠮᠤᠭ ᠤᠨ ᠥᠨᠳᠥᠷ ᠲᠡᠭᠡᠨ 100% ᠶᠢᠨ ᠰᠢᠨ᠎ᠡ ᠡᠨᠧᠷᠭᠢ ᠶᠢᠨ ᠠᠷᠠᠯᠵᠢᠶ᠎ᠠ ᠪᠦᠲᠦᠬᠦ ᠶᠢ ᠪᠡᠶᠡᠯᠡᠭᠦᠯᠬᠦ ᠵᠡᠷᠭᠡ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号