ᠰᠢ ᠶᠢᠨ ᠫᠢᠩ ᠯᠢ ᠴᠢᠶᠠᠩ ᠵᠤᠤ ᠯᠧ ᠵᠢᠢ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤᠷᠠᠯ ᠳᠤ | ᠰᠠᠭᠠᠲᠠᠵᠤ ᠪᠠᠶᠠᠷ ᠬᠦᠷᠭᠡᠪᠡ | ᠸᠠᠩ ᠬᠤ᠋ ᠨᠢᠩ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ | ᠱᠢ ᠲᠠᠢ ᠹᠧᠩ ᠬᠤᠷᠠᠯ ᠢ ᠡᠷᠭᠢᠯᠡᠵᠡᠢ | ᠭᠤᠤ ᠶᠦᠨ ᠯᠦᠩ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠵᠡᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 4 ᠤ ᠴᠠᠭᠢᠯᠭᠠᠨ ᠮᠡᠳᠡᠭᠡ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠬᠠᠮᠲᠤ ᠪᠠᠷ ᠡᠭᠦᠷᠭᠡᠯᠡᠵᠦ᠂ ᠳᠠᠷᠪᠠᠭᠤᠯ ᠬᠡᠶᠢᠰᠬᠡᠨ | ᠡᠷᠡᠯᠬᠡᠭᠯᠡᠨ ᠲᠡᠮᠡᠴᠡᠵᠦ ᠴᠣ ᠰᠢᠨ᠎ᠡ ᠠᠶᠠᠨ ᠳᠤ ᠭᠠᠪᠢᠶ᠎ᠠ ᠪᠠᠶᠢᠭᠤᠯᠤᠨ᠎ᠠ᠃ ᠳᠤᠮᠳᠠᠳᠤ ᠤᠯᠤᠰ ᠤᠨ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ | ᠬᠤᠷᠠᠯ 4 ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ 2000 ᠭᠠᠷᠤᠢ ᠭᠡᠰᠢᠭᠦᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠤᠯᠤᠰ ᠲᠦᠷᠦ ᠶᠢᠨ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ | ᠥᠷᠭᠡᠨ ᠢᠶᠠᠷ ᠨᠢᠭᠲᠠᠷᠠᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠦᠷᠯᠢᠭ ᠰᠠᠶᠢᠬᠠᠨ ᠢᠷᠠᠭᠤ | ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃ | | 3 ᠰᠠᠷ᠎ᠠ ᠶᠢᠨ ᠪᠡᠭᠡᠵᠢᠩ ᠬᠤᠲᠠᠨ᠎ᠠ᠂ ᠤᠷᠢᠬᠠᠨ ᠬᠠᠪᠤᠷ ᠡᠬᠡ ᠭᠠᠵᠠᠷ ᠲᠤ ᠰᠠᠭᠠᠲᠠᠯ᠎ᠠ᠃ ᠠᠷᠠᠳ ᠤᠨ ᠶᠡᠭᠡ ᠬᠤᠷᠠᠯ ᠤᠨ | ᠲᠠᠩᠬᠢᠮ ᠤᠨ ᠶᠣᠰᠣᠯᠠᠯ ᠤᠨ ᠲᠠᠩᠬᠢᠮ ᠳᠤ ᠳ᠋ᠧᠩ ᠤᠨ ᠭᠡᠷᠡᠯ ᠳᠤᠸᠠᠯᠠᠵᠤ᠂ ᠠᠭᠤᠷ ᠠᠮᠢᠰᠬᠤᠯ ᠲᠥᠪ ᠶᠡᠬᠡᠮᠰᠦᠭ ᠪᠥᠭᠡᠳ | ᠭᠦᠷ ᠬᠥᠭᠵᠢᠶᠡᠨ ᠲᠠᠢ ᠪᠠᠶᠢᠯ᠎ᠠ᠃ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ | ᠰᠦᠯᠳᠡ ᠶᠢ ᠲᠡᠷᠢᠭᠦᠯᠡᠭᠴᠢᠳ ᠤᠨ ᠲᠠᠶᠢᠰᠠᠨ ᠤ ᠭᠤᠣᠯ ᠳᠤᠮᠳᠠ ᠡᠯᠭᠦᠵᠦ᠂ ᠬᠤᠷᠴᠠ ᠤᠯᠠᠭᠠᠨ ᠥᠩᠭᠡ ᠲᠠᠢ ᠠᠷᠪᠠᠨ | ᠤᠯᠠᠭᠠᠨ ᠲᠤᠭ ᠢ ᠬᠤᠶᠠᠷ ᠭᠠᠷᠯᠠᠭᠤᠯᠤᠨ ᠵᠢᠭᠰᠠᠭᠠᠪᠠ᠃ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ | ᠬᠤᠶᠠᠳᠤᠭᠠᠷ ᠬᠤᠷᠠᠯ ᠳᠤ ᠣᠷᠤᠯᠴᠠᠬᠤ ᠶᠣᠰᠣᠲᠠᠢ ᠭᠡᠰᠢᠭᠦᠨ 2162 ᠬᠥᠮᠥᠨ ᠪᠤᠢ᠂ ᠪᠣᠳᠠᠲᠠᠢ ᠣᠷᠣᠯᠴᠠᠬᠰᠠᠨ ᠨᠢ | 2093 ᠬᠥᠮᠥᠨ ᠪᠠᠶᠢᠵᠤ᠂ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠲᠠᠢ ᠹᠧᠩ᠂ ᠬᠤ᠋ ᠴᠦᠨ ᠬᠤᠸᠠ᠂ ᠱᠧᠨ ᠶᠤᠸᠠᠢ ᠶᠤᠸᠠᠢ᠂ ᠸᠠᠩ | ᠶᠦᠩ᠂ ᠵᠧᠦ ᠴᠢᠶᠠᠩ᠂ ᠫᠠᠪᠠᠯᠠ · ᠭᠧᠯᠤᠭ᠍ᠨᠠᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠦ᠋ ᠬᠤᠢ᠂ | ᠱᠤᠤ ᠬᠤᠩ᠂ ᠭᠤᠤ ᠶᠦᠨ ᠯᠦᠩ᠂ ᠴᠧᠨ ᠦ᠋᠂ ᠮᠦ ᠬᠤᠩ᠂ ᠰᠢᠶᠠᠨ ᠬᠤᠢ᠂ ᠸᠠᠩ ᠳ᠋ᠦᠩ ᠹᠧᠩ᠂ ᠵᠢᠶᠠᠩ ᠰᠢᠨ ᡁᠢ᠂ | ᠵᠢᠶᠠᠩ ᠽᠦᠸᠧ ᠵᠢᠶᠦ᠋ᠨ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠦᠸᠧ ᠶᠦᠩ᠂ ᠵᠦ ᠶᠦᠩ ᠰᠢᠨ᠂ | ᠶᠠᠩ ᠵᠧᠨ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠨᠠᠮ ᠪᠣᠯᠣᠨ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠼᠠᠢ ᠴᠢ᠂ ᠳ᠋ᠢᠩ | ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠤ᠂ ᠶᠡᠭᠡ ᠬᠤᠷᠠᠯ | ᠬᠤᠷᠠᠯᠳᠤᠭᠰᠠᠨ ᠳᠤ ᠪᠠᠶᠠᠷ ᠬᠦᠷᠭᠡᠪᠡ᠃ | ᠦᠳᠡ ᠶᠢᠨ ᠬᠤᠶᠢᠨᠠᠬᠢ 3 ᠴᠠᠭ ᠲᠤ᠂ ᠱᠢ ᠲᠠᠢ ᠹᠧᠩ ᠶᠡᠭᠡ ᠬᠤᠷᠠᠯ ᠡᠬᠢᠯᠡᠭᠰᠡᠨ ᠢ ᠵᠠᠷᠯᠠᠵᠤ᠂ ᠪᠦᠭᠦᠳᠡᠭᠡᠷ ᠪᠣᠰᠴᠤ | ᠵᠣᠭᠰᠣᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃ | ᠶᠡᠭᠡ ᠬᠤᠷᠠᠯ ᠠᠴᠠ ᠡᠩ ᠲᠡᠷᠢᠭᠦᠨ ᠳᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠤᠨ ᠵᠥᠪᠯᠡᠬᠦ ᠵᠦᠢᠯ ᠢ ᠬᠢᠨᠠᠨ ᠵᠥᠪᠯᠡᠵᠦ ᠪᠠᠲᠤᠯᠠᠪᠠ᠃ | ᠸᠠᠩ ᠬᠤ᠋ ᠨᠢᠩ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃ | ᠸᠠᠩ ᠬᠤ᠋ ᠨᠢᠩ᠂ 2023 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠡᠭᠢᠯᠡᠯᠲᠡ ᠶᠢᠨ ᠵᠢᠯ ᠮᠥᠨ᠃ ᠰᠢ ᠶᠢᠨ | ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠭᠦ ᠨᠠᠮ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠦᠷᠭᠦᠯᠵᠢᠯᠡᠨ ᠲᠡᠮᠡᠴᠡᠵᠦ᠂ ᠡᠷᠡᠮᠡᠬᠡᠶᠢᠯᠡᠨ | ᠤᠷᠤᠭᠰᠢᠯᠠᠵᠤ᠂ ᠳᠣᠲᠣᠭᠠᠳᠤ ᠭᠠᠳᠠᠭᠠᠳᠤ ᠶᠢᠨ ᠬᠦᠴᠢᠷ ᠪᠡᠷᠬᠡᠰᠢᠶᠡᠯ ᠢ ᠡᠷᠡᠰ ᠢᠯᠠᠨ ᠳᠠᠪᠠᠵᠤ᠂ ᠥᠭᠡᠷᠡᠴᠢᠯᠡᠯᠲᠡ | ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠣᠭᠲᠠᠭᠤᠨ ᠢᠶᠠᠷ ᠱᠠᠲᠤ ᠰᠢᠯᠵᠢᠵᠦ᠂ ᠴᠢᠨᠠᠷ ᠰᠠᠶᠢᠲᠠᠢ ᠬᠥᠭᠵᠢᠯᠲᠡ ᠶᠢ | ᠯᠠᠪᠳᠠᠭᠤᠨ ᠪᠠᠲᠤᠲᠠᠢ ᠠᠬᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ | ᠰᠢᠪᠲᠤᠯᠤᠯᠲᠠ ᠲᠠᠢ ᠪᠣᠯᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠪᠠᠲᠤᠵᠢᠨ ᠪᠠᠬᠢᠵᠢᠵᠦ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠶ ᠪᠠᠶᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠭᠤᠣᠯ ᠵᠢᠱᠢᠭᠰᠡᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ | ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠯᠠᠪᠳᠠᠭᠤᠨ | ᠪᠠᠲᠤᠲᠠᠢ ᠠᠯᠬᠤᠮ ᠢ ᠠᠯᠬᠤᠵᠤ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠢᠲᠡᠭᠡᠯ ᠵᠣᠷᠢᠭ ᠢ | ᠲᠦᠢᠯ ᠤᠨ ᠶᠡᠭᠡ ᠪᠠᠷ ᠬᠥᠪᠴᠢᠯᠡᠵᠡᠢ ᠭᠡᠵᠦ ᠢᠯᠡᠳᠬᠡᠪᠡ᠃ | ᠸᠠᠩ ᠬᠤ᠋ ᠨᠢᠩ ᠥᠩᠭᠡᠷᠡᠭᠰᠡᠨ ᠨᠢᠭᠡ ᠵᠢᠯ ᠤᠨ ᠲᠤᠷᠰᠢᠬᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ | ᠳ᠋ᠦᠩᠨᠡᠪᠡ᠃ ᠲᠡᠷᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠤᠯᠤᠰ ᠲᠥᠷᠥ ᠶᠢᠨ ᠵᠥᠪᠯᠡᠯᠭᠡᠨ ᠤ ᠪᠦᠭᠦ ᠤᠯᠤᠰ ᠤᠨ ᠬᠤᠷᠢᠶ᠎ᠠ ᠵᠢᠴᠢ ᠲᠡᠭᠦᠨ ᠤ | ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢ ᠴᠢᠩᠭᠠᠳᠬᠠᠨ᠂ | ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠦᠯᠬᠦᠮᠳᠡᠯ ᠪᠠ | ᠠᠷᠠᠳᠴᠢᠯᠠᠯ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠨ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ | ᠴᠢᠨᠠᠷ ᠤᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠤᠯᠤᠰ | ᠲᠦᠷᠦ ᠶᠢᠨ ᠵᠥᠪᠯᠡᠯᠭᠡᠨ ᠤ ᠠᠵᠢᠯ ᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠪᠠ᠃ ᠳᠤᠮᠳᠠᠳᠤ ᠤᠯᠤᠰ ᠤᠨ ᠡᠪ | ᠬᠠᠮᠲᠤ ᠨᠠᠮ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ | ᠤᠯᠤᠰ ᠲᠥᠷᠥ ᠶᠢᠨ ᠪᠣᠯᠪᠠᠰᠤᠷᠠᠯ ᠢ ᠴᠢᠩᠭᠠᠳᠬᠠᠨ᠂ ᠤᠯᠤᠰ ᠲᠥᠷᠥ ᠶᠢᠨ ᠴᠢᠳᠠᠪᠤᠷᠢ ᠪᠠ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠤᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠳᠦᠷᠢᠮ ᠤᠨ ᠰᠠᠭᠤᠷᠢ ᠶᠢ ᠪᠠᠬᠢᠵᠢᠭᠦᠯᠵᠦ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠬᠦ ᠱᠠᠭᠠᠷᠳᠠᠯᠭ᠎ᠠ ᠶᠢ ᠲᠤᠭᠤᠰᠢᠯᠠᠭᠤᠯᠤᠨ᠂ | ᠪᠠᠶᠢᠴᠠᠭᠠᠨ ᠰᠤᠳᠤᠯᠤᠯᠲᠠ ᠬᠢᠵᠦ ᠵᠠᠰᠠᠭ ᠤᠨ ᠶᠠᠪᠤᠳᠠᠯ ᠢ ᠵᠥᠪᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠪᠠᠶᠢᠷᠢᠯᠠᠭᠤᠯᠤᠯᠲᠠ ᠲᠠᠢ | ᠤᠶᠠᠯᠳᠤᠭᠤᠯᠤᠨ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠨ᠂ ᠨᠠᠮ ᠪᠠ ᠤᠯᠤᠰ ᠤᠨ ᠭᠤᠣᠯ ᠡᠭᠦᠷᠭᠡ ᠳᠤ | ᠦᠢᠯᠡᠴᠢᠯᠡᠵᠦ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠦᠨ᠂ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠠᠬᠢᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠦᠨ | ᠂ ᠪᠦᠯᠬᠦᠮᠳᠡᠨ ᠤᠷᠤᠭᠰᠢᠯᠠᠵᠤ᠂ ᠤᠳᠠᠭ᠎ᠠ ᠪᠦᠷᠢ ᠶᠢᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠠᠯᠪᠢᠭᠰᠠᠨ | ᠰᠠᠶᠢᠨ ᠰᠠᠭᠤᠷᠢ ᠳᠡᠭᠡᠷ᠎ᠡ᠂ ᠡᠯ᠎ᠡ ᠵᠦᠢᠯ ᠤᠨ ᠠᠵᠢᠯ ᠰᠢᠨ᠎ᠡ ᠦᠷ᠎ᠡ ᠪᠦᠲᠦᠮᠵᠢ ᠣᠯᠵᠤ᠂ ᠨᠠᠮ ᠪᠣᠯᠣᠨ ᠤᠯᠤᠰ ᠤᠨ ᠠᠵᠢᠯ | ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠵᠡᠢ ᠭᠡᠵᠦ ᠬᠡᠯᠡᠪᠡ᠃ | ᠸᠠᠩ ᠬᠤ᠋ ᠨᠢᠩ᠂ 2024 ᠣᠨ ᠪᠣᠯ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 | ᠵᠢᠯ ᠤᠨ ᠤᠢ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ | ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠠᠰᠠ ᠴᠤ ᠠᠷᠠᠳ ᠤᠨ ᠤᠯᠤᠰ ᠲᠦᠷᠦ ᠶᠢᠨ ᠵᠥᠪᠯᠡᠯᠭᠡᠨ | ᠪᠠᠶᠢᠭᠤᠯᠤᠭᠳᠠᠭᠰᠠᠨ 75 ᠵᠢᠯ ᠤᠨ ᠤᠢ ᠮᠥᠨ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ | ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠲᠠᠢ ᠨᠢᠭᠲᠠ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠦᠵᠡᠯ ᠰᠠᠨᠠᠭ᠎ᠠ ᠤᠯᠤᠰ | ᠲᠦᠷᠦ ᠶᠢᠨ ᠵᠢᠯᠣᠭᠤᠳᠤᠯᠭ᠎ᠠ ᠶᠢ ᠠᠬᠢᠭᠤᠯᠵᠤ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ | ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠦᠭᠦ | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠤᠶᠤᠨ ᠤᠬᠠᠭᠠᠨ ᠪᠠ | ᠬᠦᠴᠦᠨ ᠴᠢᠳᠠᠯ ᠢᠶᠠᠨ ᠨᠢᠭᠲᠠᠷᠠᠭᠤᠯᠬᠤ ᠬᠡᠷᠡᠭᠲᠡᠢ ᠭᠡᠵᠦ ᠢᠯᠡᠳᠬᠡᠪᠡ᠃ | ᠸᠠᠩ ᠬᠤ᠋ ᠨᠢᠩ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ | ᠵᠡᠪᠰᠡᠭᠯᠡᠬᠦ ᠶᠢ ᠴᠥᠬᠦᠷᠡᠰᠢ ᠦᠭᠡᠢ ᠴᠢᠩᠭᠠᠳᠬᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ | ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠠᠷᠠᠯᠲᠠ | ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠵᠦ᠂ ᠬᠠᠮᠤᠭ ᠤᠨ | ᠶᠡᠭᠡ ᠢᠵᠢᠯᠢ ᠲᠥᠪᠲᠦ ᠲᠣᠭᠤᠷᠢᠭ ᠢ ᠰᠠᠶᠢᠲᠤᠷ ᠵᠢᠷᠤᠵᠤ᠂ ᠨᠢᠭᠡ ᠰᠡᠳᠬᠢᠯ ᠨᠢᠭᠡ ᠵᠣᠷᠢᠭ ᠢᠶᠠᠷ᠂ ᠬᠠᠮᠲᠤ ᠶᠢᠨ ᠤᠬᠠᠭᠠᠨ | ᠨᠡᠶᠢᠳᠡ ᠶᠢᠨ ᠬᠦᠴᠦᠨ ᠢᠶᠠᠷ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ | ᠪᠠᠶᠢᠳᠠᠯ ᠢ ᠲᠠᠰᠤᠷᠠᠯᠲᠠ ᠦᠭᠡᠢ ᠨᠡᠭᠡᠭᠡᠨ ᠡᠭᠦᠳᠴᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ | ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠢᠯᠡᠳᠬᠡᠪᠡ᠃ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠤ ᠶᠦᠨ ᠯᠦᠩ ᠤᠯᠤᠰ ᠲᠦᠷᠦ ᠶᠢᠨ | ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ | ᠲᠥᠯᠥᠭᠡᠯᠡᠵᠦ᠂ ᠶᠡᠭᠡ ᠬᠤᠷᠠᠯ ᠳᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠩᠬᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ᠃ | ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ | ᠠᠩᠬᠠᠳᠤᠭᠠᠷ ᠬᠤᠷᠠᠯ ᠠᠴᠠ ᠨᠠᠭᠠᠰᠢ᠂ ᠨᠡᠶᠢᠲᠡ 5621 ᠬᠤᠪᠢ ᠰᠠᠨᠠᠯ ᠳᠤᠷᠠᠳᠤᠯᠭ᠎ᠠ ᠳᠡᠪᠰᠢᠭᠦᠯᠵᠦ᠂ ᠬᠢᠨᠠᠨ | ᠪᠠᠶᠢᠴᠠᠭᠠᠬᠤ ᠪᠠᠷ ᠳᠠᠮᠵᠢᠨ 4791 ᠬᠤᠪᠢ ᠶᠢ ᠨᠢ ᠬᠡᠷᠡᠭ ᠪᠣᠯᠭᠠᠨ ᠳᠡᠩᠰᠡᠯᠡᠪᠡ᠃ 2024 ᠣᠨ ᠤ 2 ᠰᠠᠷ᠎ᠠ ᠶᠢᠨ | ᠰᠡᠭᠦᠯᠴᠢ ᠪᠤᠯᠲᠠᠯ᠎ᠠ᠂ 99.9% ᠶᠢᠨ ᠰᠠᠨᠠᠯ ᠳᠤᠷᠠᠳᠤᠯᠭ᠎ᠠ ᠶᠢ ᠨᠢᠭᠡᠨᠲᠡ ᠰᠢᠢᠳᠪᠦᠷᠢᠯᠡᠵᠦ ᠬᠠᠷᠢᠭᠤᠯᠲᠠ ᠥᠭᠪᠡ᠃ ᠡᠯ᠎ᠡ | ᠳᠠᠭᠠᠭᠠᠨ ᠰᠢᠢᠳᠪᠦᠷᠢᠯᠡᠬᠦ ᠨᠢᠭᠡᠴᠢ ᠰᠠᠨᠠᠯ ᠳᠤᠷᠠᠳᠤᠯᠭ᠎ᠠ ᠶᠢ ᠨᠠᠷᠢᠨ ᠬᠢᠨᠠᠮᠠᠭᠠᠢ ᠰᠢᠢᠳᠪᠦᠷᠢᠯᠡᠵᠦ᠂ ᠮᠠᠰᠢ ᠤᠯᠠᠨ ᠰᠠᠨᠠᠯ | ᠰᠠᠨᠠᠭᠤᠯᠭ᠎ᠠ ᠶᠢ ᠭᠥᠯᠢᠶᠡᠨ ᠠᠪᠤᠭᠰᠠᠨ ᠪᠥᠭᠡᠳ ᠨᠠᠮ ᠪᠣᠯᠣᠨ ᠤᠯᠤᠰ ᠤᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ᠂ | ᠬᠥᠭᠵᠢᠯᠲᠡ ᠶᠢᠨ ᠲᠥᠯᠦᠪᠵᠢᠭᠦᠯᠭᠡ ᠪᠣᠯᠣᠨ ᠰᠠᠯᠠᠭ᠎ᠠ ᠮᠥᠴᠢᠷ ᠤᠨ ᠠᠵᠢᠯ ᠳᠤ ᠢᠯᠡᠷᠡᠭᠦᠯᠵᠦ᠂ ︽ᠲᠠᠪᠤ ᠶᠢ ᠨᠢᠭᠡ | ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ︽ᠲᠦᠷᠪᠡᠨ ᠪᠦᠭᠦ | ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠳᠤ ᠢᠳᠡᠪᠬᠢᠲᠡᠢ | ᠦᠢᠯᠡᠳᠦᠯ ᠦᠵᠡᠭᠦᠯᠪᠡ᠃ | ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ ᠪᠠᠰᠠ᠄ ᠮᠠ ᠰᠢᠩ ᠷᠦᠢ᠂ ᠸᠠᠩ ᠢ᠂ | ᠶᠢᠨ ᠯᠢ᠂ ᠯᠢᠦ ᠭᠦᠸᠧ ᠵᠦᠩ᠂ ᠯᠢ ᠭᠠᠨ ᠵᠢᠶᠧ᠂ ᠯᠢ ᠱᠤ᠋ ᠯᠧᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ | ᠹᠧᠩ᠂ ᠵᠠᠩ ᠶᠢᠤ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠴᠧᠨ ᠵᠢᠢ ᠨᠢᠩ᠂ ᠴᠧᠨ ᠮᠢᠨ ᠡᠯ᠂ ᠶᠤᠸᠠᠨ | ᠵᠢᠶᠠ ᠵᠢᠶᠦ᠋ᠨ᠂ ᠬᠤᠸᠠᠩ ᠺᠦᠨ ᠮᠢᠩ᠂ ᠯᠢᠦ ᠶᠢᠨ ᠭᠦᠸᠧ᠂ ᠸᠠᠩ ᠰᠢᠶᠣᠣ ᠬᠤᠩ᠂ ᠸᠠᠩ ᠳ᠋ᠦᠩ ᠮᠢᠩ᠂ ᠰᠢᠶᠣᠣ ᠵᠢᠶᠧ | ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠧ | ᠨᠢᠩ᠂ ᠫᠧᠩ ᠴᠢᠩ ᠬᠤᠸᠠ᠂ ᠵᠠᠩ ᠴᠢᠩ ᠸᠧᠢ᠂ ᠯᠣᠪᠰᠠᠩᠵᠠᠯᠰᠠᠨ᠂ ᠰᠢᠤᠸᠠᠶᠢᠺᠧᠯᠠᠶᠢᠲ᠋ᠢ · ᠵᠠᠺᠧᠯ᠂ ᠦ᠋ ᠵᠧᠩ ᠯᠦᠡᠭ᠂ | ᠱᠧᠨ ᠢ ᠴᠢᠨ᠂ ᠵᠠᠩ ᠵᠢᠶᠦ᠋ᠨ᠂ ᠶᠢᠩ ᠶᠦᠡᠭ ᠨᠠᠷ ᠪᠤᠢ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠤᠷᠢᠯᠭ᠎ᠠ ᠪᠠᠷ ᠡᠭᠢᠯᠡᠯᠲᠡ ᠶᠢᠨ ᠬᠤᠷᠠᠯ ᠳᠤ ᠰᠤᠯᠠ | ᠣᠷᠣᠯᠴᠠᠪᠠ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ᠂ ᠭᠠᠳᠠᠭᠠᠳᠤ ᠳᠤ ᠰᠠᠭᠤᠭ᠎ᠠ | ᠬᠠᠷᠢᠶᠠᠲᠤ ᠨᠠᠷ ᠤᠷᠢᠯᠭ᠎ᠠ ᠪᠠᠷ ᠡᠭᠢᠯᠡᠯᠲᠡ ᠶᠢᠨ ᠬᠤᠷᠠᠯ ᠳᠤ ᠣᠷᠣᠯᠴᠠᠪᠠ᠃ |