ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠡᠭᠡᠵᠢᠩ ᠳᠤ ᠡᠬᠢᠯᠡᠪᠡ
ᠨᠡᠶᠢᠲᠡᠯᠡᠭᠰᠡᠨ ᠴᠠᠭ᠄
2024/3/6
   ᠰᠢ ᠶᠢᠨ ᠫᠢᠩ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠡᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠠᠢ   ᠯᠢ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠬᠢᠪᠡ   ᠵᠣᠣ ᠯᠤ᠋ ᠵᠢᠶ ᠬᠤᠷᠠᠯ ᠢ ᠡᠷᠭᠢᠯᠡᠪᠡ   ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠤᠨ ᠲᠤᠬᠠᠢ ᠲᠣᠳᠣᠷᠬᠠᠶᠢᠯᠠᠯᠲᠠ ᠵᠡᠷᠭᠡ ᠶᠢ ᠰᠣᠨᠣᠰᠪᠠ   ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ 5 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ 3000 ᠰᠢᠬᠠᠮ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ ᠦᠪᠡᠳᠡᠭᠰᠢ ᠬᠤᠷᠠᠯ ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠡ᠃   ᠠᠷᠠᠳ ᠤᠨ ᠶᠡᠭᠡ ᠬᠤᠷᠠᠯ ᠤᠨ ᠲᠠᠩᠬᠢᠮ ᠤᠨ ᠶᠡᠭᠡ ᠶᠣᠰᠣᠯᠠᠯ ᠤᠨ ᠲᠠᠩᠬᠢᠮ ᠳᠤ ᠳᠦᠪ ᠬᠢᠴᠢᠶᠡᠩᠬᠦᠢ ᠪᠥᠭᠡᠳ ᠬᠥᠷ ᠬᠥᠭᠵᠢᠶᠡᠨᠳᠡᠢ ᠠᠭᠤᠷ ᠠᠮᠢᠰᠬᠤᠯ ᠢᠶᠠᠷ ᠪᠢᠯᠬᠠᠵᠥ᠂ ᠲᠡᠷᠢᠭᠦᠯᠡᠭᠴᠢᠳ ᠤᠨ ᠲᠠᠶᠢᠰᠠᠨ ᠤ ᠬᠥᠰᠢᠭᠡ ᠶᠢᠨ ᠭᠤᠤᠯ ᠳᠤᠮᠳᠠ ᠡᠯᠬᠦᠭᠰᠡᠨ ᠤᠯᠤᠰ ᠤᠨ ᠰᠦᠯᠳᠡ ᠬᠤᠷᠴᠠ ᠤᠯᠠᠭᠠᠨ ᠲᠤᠭ ᠯᠤᠭ᠎ᠠ ᠦᠩᠬᠡ ᠢᠯᠭᠠᠷᠠᠨ ᠬᠡᠷᠡᠯ ᠰᠠᠴᠤᠷᠠᠨ ᠬᠠᠷᠠᠬᠳᠠᠨ᠎ᠠ᠃ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠵᠤᠤ ᠯᠤ᠋ ᠵᠢᠢ ᠶᠡᠭᠡ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠂ ᠭᠦᠢᠴᠡᠳᠭᠡᠭᠴᠢ ᠲᠡᠷᠢᠭᠦᠯᠡᠭᠴᠢ ᠯᠢ ᠬᠤᠩ ᠵᠦᠩ᠂ ᠸᠠᠩ ᠳ᠋ᠦᠩ ᠮᠢᠩ᠂ ᠰᠢᠶᠤᠤ ᠵᠢᠶᠤ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠡᠤ ᠸᠧᠢ ᠬᠤᠸᠠ᠂ ᠲᠢᠶᠧ ᠨᠢᠩ᠂ ᠫᠧᠩ ᠴᠢᠩ ᠬᠤᠸᠠ ᠂ ᠵᠠᠩ ᠴᠢᠩ ᠸᠧᠢ᠂ ᠯᠤᠪᠰᠠᠩᠵᠠᠯᠰᠠᠨ᠂ ᠰᠢᠤᠸᠠᠶᠢᠺᠤᠯᠠᠶᠢᠲ᠋ᠢ · ᠵᠠᠺᠤᠯ᠂ ᠯᠢᠦ ᠴᠢ ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ᠃ᠰᠢ ᠶᠢᠨ ᠫᠢᠩ᠂ ᠯᠢ ᠴᠢᠶᠠᠩ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠪᠣᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠠᠢ᠃
846.png   ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ
ᠬᠤᠶᠠᠳᠤᠭᠠᠷ ᠬᠤᠷᠠᠯ ᠳᠤ 2956 ᠬᠦᠮᠦᠨ ᠤᠷᠤᠯᠴᠠᠬᠤ ᠶᠤᠰᠤᠳᠠᠢ᠃ 5 ᠤ ᠦᠳᠡ ᠶᠢᠨ ᠡᠮᠦᠨᠡᠬᠢ ᠬᠤᠷᠠᠯ ᠳᠤ 2872 ᠬᠥᠮᠦᠨ ᠣᠷᠣᠯᠴᠠᠵᠤ᠂ 84 ᠬᠥᠮᠦᠨ ᠣᠷᠣᠯᠴᠠᠭᠰᠠᠨ ᠦᠭᠡᠢ᠂ ᠣᠷᠣᠯᠴᠠᠭᠰᠠᠨ ᠬᠥᠮᠦᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃   ᠦᠳᠡ ᠶᠢᠨ ᠡᠮᠦᠨᠡᠬᠢ 9 ᠴᠠᠭ ᠲᠤ᠂ ᠵᠣᠣ ᠯᠧ ᠵᠢᠶ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠬᠢᠯᠡᠯ᠎ᠡ ᠬᠡᠵᠥ ᠨᠡᠶᠢᠳᠡᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ᠂ ᠤᠯᠤᠰ ᠤᠨ ᠰᠦᠯᠳᠡ ᠳᠠᠭᠤᠤ ᠶᠢ ᠬᠠᠩᠬᠢᠨᠠᠳᠠᠯ᠎ᠠ ᠳᠠᠭᠤᠯᠠᠪᠠ᠃   ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠶ ᠰᠠᠶᠢᠳ ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠬᠢᠪᠡ᠃ ᠢᠯᠡᠳᠭᠡᠯ ᠨᠢ ᠭᠤᠷᠪᠠᠨ ᠬᠡᠰᠡᠭ ᠢᠶᠠᠷ ᠪᠦᠷᠢᠯᠳᠦᠵᠡᠶ᠄ ᠨᠢᠭᠡ᠂ 2023 ᠣᠨ ᠤ ᠠᠵᠢᠯ ᠤᠨ ᠡᠷᠭᠢᠴᠡᠭᠦᠯᠦᠯ︔ ᠬᠤᠶᠠᠷ᠂ 2024 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠪᠠ ᠲᠥᠷᠥ ᠶᠢᠨ ᠪᠣᠳᠣᠯᠭ᠎ᠠ ᠶᠢᠨ ᠬᠠᠨᠳᠤᠰᠢ︔ ᠭᠤᠷᠪᠠ᠂ 2024 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ᠃   ᠯᠢ ᠴᠢᠶᠠᠩ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠭᠰᠠᠨ ᠡᠬᠢᠯᠡᠯᠲᠡ ᠶᠢᠨ ᠵᠢᠯ ᠮᠥᠨ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠠᠩᠬᠠᠨ ᠤ ᠵᠢᠯ ᠮᠥᠨ᠃ ᠲᠦᠢᠯ ᠤᠨ ᠨᠠᠷᠢᠨ ᠪᠤᠳᠤᠯᠢᠶᠠᠨᠲᠠᠢ ᠳᠡᠯᠡᠬᠡᠢ ᠶᠢᠨ ᠣᠷᠴᠢᠨ ᠪᠣᠯᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠣᠷᠴᠢᠨ ᠤ ᠳᠠᠷᠤᠯᠲᠠ ᠶᠢ ᠲᠠᠭᠠᠭᠠᠵᠤ᠂ ᠳᠣᠲᠣᠭᠠᠳᠤ ᠶᠢᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠣᠭᠲᠠᠭᠤᠨ ᠢᠶᠠᠷ ᠱᠠᠳᠤ ᠰᠢᠯᠵᠢᠭᠦᠯᠬᠦ ᠶᠢ ᠪᠡᠶᠡᠯᠡᠭᠦᠯᠵᠦ᠂ ᠴᠢᠬᠤᠯᠠ ᠶᠡᠭᠡ ᠰᠢᠢᠳᠪᠦᠷᠢᠲᠦ ᠴᠢᠨᠠᠷᠲᠠᠢ ᠢᠯᠠᠯᠲᠠ ᠶᠢ ᠣᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠪᠠ ᠭᠡᠵᠤ ᠵᠢᠭᠠᠵᠤ ᠭᠠᠷᠭᠠᠵᠠᠢ᠃   ᠯᠢ ᠴᠢᠶᠠᠩ ᠢᠯᠡᠳᠬᠡᠯ ᠳᠡᠭᠡᠨ᠂ ᠨᠢᠭᠡ ᠵᠢᠯ ᠤᠨ ᠲᠤᠷᠰᠢ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ ᠭᠤᠤᠯᠳᠠᠭᠤ ᠳᠤᠤᠷᠠᠬᠢ ᠠᠵᠢᠯ ᠤᠳ ᠢ ᠬᠢᠵᠡᠶ᠄ ᠨᠢᠭᠡ ᠳᠤ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶ ᠶᠢᠨ ᠡᠷᠭᠢᠯᠳᠡ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ︔ ᠬᠤᠶᠠᠷ ᠲᠤ᠂ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠲᠡᠰ ᠳᠡᠪᠰᠢᠬᠦ ᠶᠢ ᠬᠦᠳᠦᠯᠦᠨ ᠳᠠᠭᠠᠭᠤᠯᠵᠤ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠨᠡᠮᠡᠭᠳᠡᠭᠦᠯᠪᠡ︔ ᠭᠤᠷᠪᠠ ᠳᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠭᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ︔ ᠳᠥᠷᠪᠡ ᠳᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ ᠬᠦᠭᠵᠢᠯᠳᠡ ᠶᠢᠨ ᠬᠡᠯᠪᠡᠷᠢ ᠶᠢᠨ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠪᠡ︔ ᠲᠠᠪᠤ ᠳᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠯᠡᠨ ᠰᠠᠶᠢᠲᠤᠷ ᠠᠳᠬᠤᠵᠤ᠂ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠪᠠ︔ ᠵᠢᠷᠭᠤᠭ᠎ᠠ ᠳᠤ᠂ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠰᠠᠯᠲᠠ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ ᠭᠡᠵᠤ ᠵᠢᠭᠠᠵᠤ ᠭᠠᠷᠭᠠᠵᠠᠢ᠃   ᠯᠢ ᠴᠢᠶᠠᠩ ᠢᠯᠡᠳᠬᠡᠯ ᠳᠡᠭᠡᠨ᠂ ᠠᠮᠵᠢᠯᠲᠠ ᠪᠠᠨ ᠨᠤᠲᠠᠯᠠᠬᠤ ᠶᠢᠨ ᠬᠠᠮᠲᠤ ᠪᠢᠳᠡ ᠪᠠᠰᠠ ᠲᠤᠯᠭᠠᠷᠠᠵᠤ ᠪᠠᠶᠢᠭ᠎ᠠ ᠬᠦᠴᠢᠷᠳᠡᠯ ᠪᠠ ᠥᠷᠢᠰᠥᠯᠳᠦᠭᠡᠨ ᠢ ᠰᠡᠷᠭᠡᠭ ᠢᠶᠠᠷ ᠣᠯᠵᠤ ᠬᠠᠷᠠᠪᠠ᠃ ᠪᠢᠳᠠ ᠯᠠᠪᠲᠠᠢ ᠠᠰᠠᠭᠤᠳᠠᠯ ᠪᠠ ᠥᠷᠢᠰᠥᠯᠳᠦᠭᠡᠨ ᠳᠤ ᠰᠢᠭᠤᠳ ᠬᠠᠨᠳᠤᠵᠤ᠂ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠬᠡᠵᠥ ᠵᠢᠭᠠᠵᠥ ᠭᠠᠷᠭᠠᠪᠠ᠃ᠯᠢ ᠴᠢᠶᠠᠩ ᠢᠯᠡᠳᠬᠡᠯ ᠳᠡᠭᠡᠨ᠂ ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠦᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 5% ᠣᠷᠴᠢᠮ ᠢᠶᠠᠷ ᠨᠡᠮᠡᠭᠳᠡᠭᠦᠯᠦᠨ᠎ᠡ᠂ ᠬᠤᠳᠠ ᠪᠠᠯᠭᠠᠰᠤᠨ ᠤ 1200 ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 5.5 % ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠥᠰᠥᠯᠲᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠢ ᠠᠳᠠᠯᠢ ᠠᠯᠬᠤᠮ ᠳᠤ ᠪᠠᠶᠢᠯᠭᠠᠨ᠎ᠠ︔ ᠤᠯᠠᠨ ᠤᠯᠤᠰ ᠤᠨ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ︔ ᠠᠮᠤ ᠪᠤᠳᠠᠭᠠᠨ ᠤ ᠤᠨᠠᠯᠲᠠ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠳᠤᠯᠠᠨ᠎ᠠ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠢ 2.5% ᠣᠷᠴᠢᠮ ᠪᠠᠭᠤᠷᠠᠭᠤᠯᠵᠤ᠂ ᠠᠮᠢ ᠠᠬᠤᠢ ᠣᠷᠴᠢᠨ ᠲᠤᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ ᠭᠡᠵᠦ ᠵᠢᠭᠠᠵᠤ ᠭᠠᠷᠭᠠᠵᠠᠢ᠃   ᠯᠢ ᠴᠢᠶᠠᠩ ᠢᠯᠡᠳᠬᠡᠯ ᠳᠡᠭᠡᠨ᠂ ᠪᠢᠳᠡ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠳᠠᠪᠰᠢᠯᠳᠠ ᠪᠠᠷ ᠲᠣᠭᠲᠠᠭᠤᠨ ᠢ ᠠᠬᠢᠭᠤᠯᠵᠤ᠂ ᠤᠷᠢᠳ ᠢᠶᠠᠷ ᠰᠢᠨ᠎ᠡ ᠶᠢ ᠪᠠᠶᠢᠭᠤᠯᠤᠨ ᠳᠠᠷᠠᠭ᠎ᠠ ᠨᠢ ᠬᠠᠭᠤᠴᠢᠨ ᠢ ᠡᠪᠳᠡᠬᠦ ᠬᠡᠷᠡᠭᠲᠡᠢ᠃ ᠡᠨᠡ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠡᠷᠬᠡᠪᠰᠢ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠦᠴᠦ ᠪᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠡᠩ ᠶᠡᠭᠡ ᠡᠷᠴᠢ ᠵᠣᠷᠢᠭ ᠪᠣᠯᠤᠨ ᠡᠷᠴᠢᠮ ᠢᠶᠠᠷ ᠥᠭᠡᠷᠡᠴᠢᠯᠡᠯᠲᠡ ᠨᠡᠭᠡᠭᠡᠯᠳᠠ ᠶᠢ ᠭᠦᠨᠵᠡᠭᠡᠶᠢᠷᠡᠭᠦᠯᠵᠦ᠂ ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠪᠣᠯᠤᠨ ᠦᠷ᠎ᠡ ᠪᠦᠲᠦᠮᠵᠢᠲᠡᠢ ᠵᠠᠰᠠᠭ ᠤᠨ ᠣᠷᠳᠣᠨ ᠤ ᠨᠡᠩ ᠰᠠᠶᠢᠨ ᠤᠶᠠᠯᠳᠤᠯ ᠢ ᠠᠬᠢᠭᠤᠯᠵᠤ᠂ ᠨᠡᠶᠢᠭᠡᠮ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠬᠦ ᠪᠠ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠨᠡᠩ ᠶᠡᠭᠡ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠯᠢ ᠴᠢᠶᠠᠩ ᠢᠯᠡᠳᠬᠡᠯ ᠳᠡᠭᠡᠨ᠂ ᠨᠠᠮ ᠤᠨ ᠲᠥᠪ ᠬᠤᠷᠢᠶ᠎ᠠ ᠡᠨᠡ ᠵᠢᠯ ᠤᠨ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠂ ᠪᠢᠳᠡ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠵᠥᠷᠢᠴᠡᠯ ᠢ ᠴᠢᠩᠭ᠎ᠠ ᠠᠳᠬᠤᠵᠤ᠂ ᠪᠣᠭᠤᠮᠢ ᠬᠦᠯᠢᠶᠡᠰᠦᠯᠡᠯ ᠢ ᠬᠦᠴᠦᠯᠡᠨ ᠰᠢᠪᠲᠤᠯᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠄ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠭᠡᠨ ᠬᠥᠭᠵᠢᠭᠦᠯᠦᠨ᠎ᠡ︔ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢᠯᠠᠬᠤ ᠲᠤᠯᠭᠠᠭᠤᠷᠢᠯᠠᠯ ᠢ ᠴᠢᠩᠭᠠᠳᠬᠠᠨ᠎ᠠ︔ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠭᠡᠵᠦ᠂ ᠠᠵᠤ ᠠᠬᠤᠢ ᠶᠢᠨ ᠰᠠᠶᠢᠨ ᠰᠠᠶᠢᠬᠠᠨ ᠣᠷᠴᠢᠯ ᠢ ᠪᠡᠶᠡᠯᠡᠭᠦᠯᠬᠦ ᠶᠢ ᠠᠬᠢᠭᠤᠯᠤᠨ᠎ᠠ︔ ᠥᠭᠡᠷᠡᠴᠢᠯᠡᠯᠲᠡ ᠶᠢ ᠭᠤᠶᠢᠪᠢᠰᠢ ᠥᠬᠡᠶ ᠭᠦᠨᠵᠡᠭᠡᠶᠢᠷᠡᠭᠦᠯᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ︔ ᠥᠨᠳᠥᠷ ᠲᠦᠪᠰᠢᠨ ᠪᠦᠬᠦᠢ ᠭᠠᠳᠠᠭᠠᠳᠤ ᠨᠡᠬᠡᠬᠡᠯᠳᠡ ᠶᠢ ᠥᠷᠭᠡᠳᠭᠡᠵᠦ᠂ ᠬᠠᠷᠢᠯᠴᠠᠨ ᠠᠰᠢᠭᠲᠠᠢ ᠪᠠᠶᠢᠵᠤ ᠬᠠᠮᠲᠤ ᠪᠠᠷ ᠠᠰᠢᠭ ᠬᠦᠷᠳᠡᠬᠦ ᠶᠢ ᠠᠬᠢᠭᠤᠯᠤᠨ᠎ᠠ︔ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠭᠤᠤᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ︔ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ︔ ᠬᠤᠲᠠ ᠬᠥᠳᠡᠭᠡ ᠶᠢᠨ ᠠᠭᠤᠰᠤᠯᠴᠠᠯ ᠪᠠ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠠᠵᠤ ᠠᠬᠤᠶ ᠶᠢᠨ ᠪᠠᠶᠢᠷᠢᠰᠢᠯ ᠢ ᠶᠡᠭᠡ ᠪᠠᠷ ᠰᠢᠯᠢᠳᠡᠭᠵᠢᠭᠦᠯᠦᠨ᠎ᠡ︔ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠤᠨ᠎ᠠ︔ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠦᠨ᠎ᠡ ᠭᠡᠵᠦ ᠳᠤᠷᠠᠳᠪᠠ᠃   ᠢᠯᠡᠳᠭᠡᠯ ᠳᠤ᠂ ᠯᠢ ᠴᠢᠶᠠᠩ ᠪᠠᠰᠠ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ᠂ ᠦᠨᠳᠦᠰᠦᠲᠡᠨ᠂ ᠱᠠᠰᠢᠨ ᠰᠤᠷᠲᠠᠬᠤᠨ ᠪᠠ ᠬᠠᠷᠢᠶᠠᠲᠤ ᠨᠠᠷ ᠤᠨ ᠠᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠪᠤᠯᠤᠨ ᠴᠡᠷᠢᠭ ᠠᠩᠬᠢ ᠶᠢᠨ ᠪᠦᠲᠦᠭᠡᠨ ᠪᠠᠶᠢᠭᠤᠯᠤᠯᠲᠠ᠂ ᠰᠢᠶᠠᠩᠭᠠᠩ᠂ ᠣᠣᠮᠧᠨ ᠤ ᠬᠥᠭᠵᠢᠯᠲᠡ ᠪᠤᠯᠤᠨ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠬᠠᠷᠢᠯᠴᠠᠭ᠎ᠠ ᠵᠢᠴᠢ ᠮᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠵᠡᠷᠭᠡ ᠶᠢᠨ ᠲᠤᠬᠠᠢ ᠲᠣᠳᠣᠷᠬᠠᠶᠢᠯᠠᠨ ᠥᠭᠦᠯᠡᠵᠡᠢ᠃   ᠬᠤᠷᠠᠯ ᠤᠨ ᠵᠥᠪᠯᠡᠬᠦ ᠵᠦᠢᠯᠡᠰ ᠢ ᠦᠨᠳᠦᠰᠦᠯᠡᠨ᠂ ᠶᠡᠭᠡ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ 2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠲᠤᠬᠠᠢ ᠮᠡᠳᠡᠭᠦᠯᠦᠯᠲᠡ ᠵᠢᠴᠢ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠬᠢᠭᠡᠳ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠤᠨ ᠲᠤᠬᠠᠢ ᠮᠡᠳᠡᠭᠦᠯᠦᠯᠲᠡ ᠵᠢᠴᠢ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠢ ᠬᠢᠨᠠᠨ ᠪᠠᠶᠢᠴᠠᠭᠠᠪᠠ᠃ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠯᠢ ᠬᠤᠩ ᠵᠥᠩ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠤᠨ ᠲᠤᠬᠠᠶ ᠲᠣᠳᠣᠷᠬᠠᠶᠢᠯᠠᠯᠲᠠ ᠬᠢᠪᠠ᠃   ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠤᠨ ᠲᠤᠬᠠᠢ ᠲᠣᠳᠣᠷᠬᠠᠶᠢᠯᠠᠯᠲᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠪᠣᠯ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠲᠦᠷᠢᠮ ᠪᠠ ᠠᠵᠢᠯ ᠤᠨ ᠲᠦᠷᠢᠮ ᠤᠨ ᠲᠤᠬᠠᠢ ᠦᠨᠳᠦᠰᠦᠨ ᠬᠠᠤᠯᠢ ᠮᠥᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠦᠨᠳᠦᠰᠦᠨ ᠬᠠᠤᠯᠢ ᠪᠠ ᠬᠠᠦᠯᠢ ᠴᠠᠭᠠᠵᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠲᠤᠯᠠᠬᠤ ᠳᠤ ᠴᠢᠬᠤᠯᠠ ᠦᠢᠯᠡᠳᠦᠯ ᠪᠠᠳᠠᠷᠠᠭᠤᠯᠵᠤ ᠪᠠᠶᠢᠳᠠᠭ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠨᠠᠮ ᠪᠣᠯᠤᠨ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠬᠢᠴᠠ ᠶᠢ ᠶᠡᠭᠡ ᠪᠠᠷ ᠠᠬᠢᠭᠤᠯᠵᠤ᠂ ᠨᠠᠮ ᠪᠣᠯᠤᠨ ᠲᠥᠷᠥ ᠶᠢᠨ ᠪᠠᠶᠢᠭᠤᠯᠤᠮᠵᠢ ᠶᠢᠨ ᠡᠭᠦᠷᠭᠡ ᠲᠤᠰᠢᠶᠠᠯ ᠰᠢᠰᠲ᠋ᠧᠮᠲᠦ ᠴᠢᠨᠠᠷᠲᠠᠶ᠂ ᠪᠦᠬᠦᠯᠢ ᠴᠣᠭᠴᠠ ᠶᠢᠨ ᠴᠢᠨᠠᠷᠲᠠᠶ ᠳᠠᠬᠢᠨ ᠴᠣᠭᠴᠠᠯᠠᠯᠲᠠ ᠶᠢ ᠪᠡᠶᠡᠯᠡᠭᠦᠯᠵᠦ᠂ ᠰᠢᠰᠲ᠋ᠧᠮ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠠᠵᠢᠯᠯᠠᠭᠠᠨ ᠥᠨᠳᠥᠷ ᠪᠦᠲᠦᠮᠵᠢᠲᠡᠶ ᠨᠠᠮ ᠪᠣᠯᠤᠨ ᠲᠥᠷᠥ ᠶᠢᠨ ᠪᠠᠶᠢᠭᠤᠯᠤᠮᠵᠢ ᠶᠢᠨ ᠡᠭᠦᠷᠭᠡ ᠲᠤᠰᠢᠶᠠᠯ ᠤᠨ ᠰᠢᠰᠲ᠋ᠧᠮ ᠢ ᠪᠠᠶᠢᠭᠤᠯᠵᠤ ᠲᠠᠰᠤᠷᠠᠯᠲᠠ ᠥᠬᠡᠶ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠪᠠ᠃ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠥᠯᠥᠭᠡ᠂ ᠦᠢᠯᠡᠳᠦᠯᠭᠡ ᠶᠢᠨ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠭᠰᠡᠨ ᠰᠠᠭᠤᠷᠢᠨ ᠳᠡᠭᠡᠷ᠎ᠡ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠬᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠵᠡᠷᠭᠡ ᠴᠢᠬᠤᠯᠠ ᠠᠭᠤᠯᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠪᠢᠴᠢᠵᠤ ᠣᠷᠣᠭᠤᠯᠤᠨ᠂ ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠣᠷᠢᠭ ᠰᠠᠨᠠᠭ᠎ᠠ ᠪᠣᠯᠤᠨ ᠦᠷ᠎ᠡ ᠪᠦᠲᠦᠭᠡᠯ ᠢ ᠬᠠᠤᠯᠢ ᠴᠠᠭᠠᠵᠠ ᠶᠢᠨ ᠲᠣᠭᠲᠠᠭᠠᠯ ᠢᠶᠠᠷ ᠳᠠᠮᠵᠢᠭᠤᠯᠤᠨ ᠢᠯᠡᠷᠡᠭᠦᠯᠬᠦ ᠴᠢᠬᠤᠯᠠᠲᠠᠢ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠪᠣᠯ ᠰᠢᠨ᠎ᠡ ᠴᠠᠭ ᠦᠶ᠎ᠡ ᠶᠢᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ᠂ ᠪᠦᠬᠦ ᠰᠡᠳᠭᠢᠯ ᠪᠦᠬᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠬᠤ ᠲᠦᠷᠢᠮ ᠤᠨ ᠪᠠᠲᠤᠯᠠᠭ᠎ᠠ ᠮᠥᠨ᠂ ᠰᠢᠨ᠎ᠡ ᠴᠠᠭ ᠦᠶ᠎ᠡ ᠳᠤ ᠦᠨᠳᠦᠰᠦᠨ ᠬᠠᠤᠯᠢ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠬᠦ᠂ ᠬᠠᠤᠯᠢᠵᠢᠯ ᠤᠨ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠠᠶᠢᠭᠤᠯᠬᠤ ᠶᠢᠨ ᠴᠢᠬᠤᠯᠠ ᠲᠠᠯ᠎ᠠ ᠮᠥᠨ᠂ ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠨᠡᠶᠢᠳᠡ 20 ᠵᠦᠢᠯ ᠪᠤᠢ᠂ ᠭᠤᠣᠯ ᠵᠠᠰᠠᠪᠤᠷᠢ ᠣᠷᠣᠭᠤᠯᠬᠤ ᠠᠭᠤᠯᠭ᠎ᠠ ᠳᠤ᠄ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠨᠵᠢ ᠴᠢᠨᠠᠷ ᠪᠠᠶᠢᠷᠢ ᠰᠠᠭᠤᠷᠢ ᠶᠢᠨ ᠲᠤᠬᠠᠢ ᠲᠣᠭᠲᠠᠭᠠᠯ ᠢ ᠨᠡᠮᠡᠵᠦ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠵᠢᠯ ᠤᠨ ᠵᠢᠯᠣᠭᠤᠳᠬᠤ ᠦᠵᠡᠯ ᠰᠠᠨᠠᠭ᠎ᠠ ᠶᠢ ᠲᠣᠳᠣᠷᠬᠠᠶᠢᠯᠠᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠷᠬᠡ ᠲᠤᠰᠢᠶᠠᠯ ᠤᠨ ᠲᠤᠬᠠᠢ ᠥᠭᠦᠯᠡᠯᠲᠡ ᠶᠢ ᠲᠡᠭᠦᠯᠳᠡᠷᠵᠢᠭᠦᠯᠵᠦ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠦᠷᠢᠯᠳᠦᠬᠦᠨ ᠤ ᠬᠤᠯᠪᠣᠭᠳᠠᠯ ᠪᠦᠬᠦᠢ ᠲᠣᠭᠲᠠᠭᠠᠯ ᠢ ᠲᠡᠭᠦᠯᠳᠡᠷᠵᠢᠭᠦᠯᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠵᠢᠴᠢ ᠲᠡᠭᠦᠨ ᠤ ᠡᠷᠬᠡ ᠲᠤᠰᠢᠶᠠᠯ ᠤᠨ ᠲᠤᠬᠠᠢ ᠬᠤᠯᠪᠣᠭᠳᠠᠯ ᠪᠦᠬᠦᠢ ᠲᠣᠭᠲᠠᠭᠠᠯ ᠢ ᠲᠡᠭᠦᠯᠳᠡᠷᠵᠢᠭᠦᠯᠵᠦ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠷᠠᠯ ᠤᠨ ᠲᠦᠷᠢᠮ ᠢ ᠲᠡᠭᠦᠯᠳᠡᠷᠵᠢᠭᠦᠯᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠪᠦᠬᠦ ᠲᠠᠯ᠎ᠠ ᠪᠠᠷ ᠵᠥᠪ ᠭᠦᠢᠴᠡᠳᠭᠡᠬᠦ ᠲᠦᠷᠢᠮ ᠤᠨ ᠠᠷᠭ᠎ᠠ ᠬᠡᠮᠵᠢᠶ᠎ᠡ ᠶᠢ ᠨᠡᠮᠡᠭᠳᠡᠭᠦᠯᠬᠦ ᠶᠢ ᠪᠠᠭᠳᠠᠭᠠᠨ᠎ᠠ ᠬᠡᠵᠥ ᠵᠢᠭᠠᠵᠥ ᠭᠠᠷᠭᠠᠪᠠ᠃   ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠳ ᠲᠤ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ ᠱᠢ ᠲᠠᠢ ᠹᠧᠩ᠂ ᠯᠢᠦ ᠭᠦᠸᠧ ᠵᠦᠩ᠂ ᠯᠢ ᠭᠠᠨ ᠵᠢᠶᠧ᠂ ᠯᠢ ᠱᠤ᠋ ᠯᠸᠢ᠂ ᠾᠧ ᠸᠧᠶ ᠳ᠋ᠦᠩ᠂ ᠾᠧ ᠯᠢ ᠹᠧᠩ᠂ ᠵᠠᠩ ᠵᠢᠦ ᠰᠢᠶᠠ ᠂ ᠵᠠᠩ ᠭᠦᠸᠧ ᠴᠢᠩ᠂ ᠴᠧᠨ ᠸᠧᠨ ᠴᠢᠩ᠂ ᠴᠧᠨ ᠵᠢᠶ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ ᠶᠢᠨ ᠭᠦᠸᠧ᠂ ᠸᠠᠩ ᠰᠢᠶᠤᠤ ᠬᠤᠩ᠂ ᠡᠤ ᠵᠧᠩ ᠯᠦᠩ᠂ ᠱᠤᠨ ᠢ ᠴᠢᠨ᠂ ᠵᠠᠩ ᠵᠢᠶᠦ᠋ᠨ᠂ ᠵᠢᠩ ᠶᠦᠩ᠂ ᠬᠤ᠋ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠵᠧᠤ ᠴᠢᠶᠠᠩ᠂ ᠫᠠᠪᠠᠯᠠ · ᠭᠧᠯᠢᠭᠨᠡᠮᠵᠢᠯ᠂ ᠾᠧ ᠾᠧᠦ ᠬᠤᠸᠠ᠂ ᠯᠢᠶᠠᠩ ᠵᠧᠨ ᠵᠢᠩ᠂ ᠪᠠᠭᠠᠲᠤᠷ᠂ ᠰᠣ ᠬᠤᠶ᠂ ᠱᠤᠤ ᠬᠤᠩ᠂ ᠭᠤᠤ ᠶᠦᠨ ᠯᠦᠩ᠂ ᠴᠧᠨ ᠡᠣ᠂ ᠮᠤ᠋ ᠬᠤᠩ᠂ ᠰᠢᠶᠠᠨ ᠬᠤᠶ᠂ ᠸᠠᠩ ᠳ᠋ᠦᠩ ᠹᠧᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠣ ᠶᠦᠩ ᠰᠢᠨ᠂ ᠶᠠᠩ ᠵᠧᠨ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠵᠠᠩ ᠱᠧᠩ ᠮᠢᠨ ᠨᠡᠷ ᠪᠤᠢ᠃   ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠬᠤᠷᠠᠯ ᠳᠤ ᠰᠤᠯᠠ ᠣᠷᠣᠯᠴᠠᠭᠰᠠᠨ ᠪᠥᠭᠡᠳ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃   ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠶᠡᠭᠡ ᠬᠤᠷᠠᠯ ᠳᠤ ᠰᠤᠯᠠ ᠣᠷᠣᠯᠴᠠᠵᠠᠢ᠃   ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠢᠯᠥᠭᠡᠯᠡᠬᠦ ᠴᠡᠷᠢᠭ ᠤᠨ ᠬᠤᠯᠪᠣᠭᠳᠠᠯ ᠪᠦᠬᠦᠢ ᠨᠢᠭᠡᠴᠢ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠡᠯ᠎ᠡ ᠠᠷᠠᠳ ᠤᠨ ᠪᠦᠯᠬᠦᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠶᠡᠭᠡ ᠬᠤᠷᠠᠯ ᠳᠤ ᠰᠤᠯᠠ ᠣᠷᠣᠯᠴᠠᠭᠰᠠᠨ ᠪᠤᠶᠤ ᠶᠡᠭᠡ ᠬᠤᠷᠠᠯ ᠢ ᠰᠤᠯᠠ ᠰᠣᠨᠣᠰᠴᠠᠢ᠃   ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠶᠡᠭᠡ ᠬᠤᠷᠠᠯ ᠢ ᠰᠤᠯᠠ ᠰᠣᠨᠣᠰᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠬᠢᠯᠭᠠᠨ ᠮᠡᠳᠡᠭᠡ︶ 
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号