ᠰᠢ ᠶᠢᠨ ᠫᠢᠩ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ — ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠳᠡᠢ
ᠨᠡᠶᠢᠲᠡᠯᠡᠭᠰᠡᠨ ᠴᠠᠭ᠄
2024/3/6
   ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠶ᠃ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ ᠪᠢᠳᠡ ᠡᠷᠬᠡᠪᠰᠢ ᠴᠠᠭ ᠲᠣᠬᠢᠶᠠᠯ ᠢ ᠠᠮᠵᠢᠨ᠂ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠮᠠᠨᠳᠤᠬᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠨᠢ ᠤᠯᠠᠮᠵᠢᠯᠠᠯᠲᠤ ᠠᠵᠤ ᠦᠢᠯᠡᠰ ᠢ ᠣᠮᠲᠣᠭᠠᠶᠢᠯᠠᠵᠤ᠂ ᠲᠠᠶᠠᠭᠳᠠᠬᠤ ᠶᠠᠪᠤᠳᠠᠯ ᠪᠢᠰᠢ᠂ ᠨᠢᠭᠡ ᠯᠡ ᠲᠡᠷᠪᠡᠵᠤ ᠰᠤᠬᠤᠷ ᠪᠡᠯᠡᠢ ᠪᠠᠷ ᠶᠠᠭᠠᠷᠠᠵᠤ᠂ ᠬᠥᠭᠡᠰᠦᠷᠡᠯ ᠪᠤᠯᠬᠤ ᠠᠴᠠ ᠰᠡᠷᠭᠡᠶᠢᠯᠡᠬᠦ ᠬᠡᠷᠡᠭᠲᠡᠢ᠂ ᠨᠢᠭᠡ ᠯᠡ ᠵᠦᠢᠯ ᠤᠨ ᠵᠠᠭᠪᠤᠷ ᠢ ᠬᠡᠷᠡᠭᠯᠡᠵᠦ ᠪᠠᠰᠠ ᠪᠣᠯᠬᠤ ᠦᠭᠡᠢ᠃ ᠡᠯ᠎ᠡ ᠭᠠᠵᠠᠷ ᠤᠨ ᠬᠢᠨ ᠪᠣᠳᠠᠲᠠᠶ ᠠᠴᠠ ᠡᠭᠦᠰᠭᠦ ᠶᠢ ᠪᠠᠷᠢᠮᠲᠠᠯᠠᠨ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠵᠦ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠲᠥᠷᠥᠯ ᠬᠤᠪᠢᠶᠠᠨ ᠵᠢᠯᠣᠭᠤᠳᠴᠤ᠂ ᠲᠣᠰ ᠭᠠᠵᠠᠷ ᠤᠨ ᠡᠬᠢ ᠪᠠᠶᠠᠯᠢᠭ ᠤᠨ ᠲᠠᠪᠠᠭᠤᠯᠢᠭ᠂ ᠠᠵᠤ ᠦᠢᠯᠡᠰ ᠤᠨ ᠰᠠᠭᠤᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠵᠡᠷᠭᠡ ᠪᠠᠨ ᠦᠨᠳᠦᠰᠦᠯᠡᠨ ᠰᠢᠨ᠎ᠡ ᠠᠵᠤ ᠦᠢᠯᠡᠰ᠂ ᠰᠢᠨ᠎ᠡ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠶᠢᠨ ᠬᠥᠭᠵᠢᠯᠲᠡ ᠶᠢ ᠰᠣᠩᠭᠤᠯᠲᠠ ᠲᠠᠢ ᠪᠠᠷ ᠠᠬᠢᠭᠤᠯᠵᠤ᠂ ᠰᠢᠨ᠎ᠡ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠳᠡᠭᠡᠳᠦ ᠳᠡᠰᠵᠢᠯᠳᠡ᠂ ᠤᠶᠤᠨᠴᠢᠯᠠᠯᠳᠠ᠂ ᠪᠣᠬᠢᠷᠲᠤᠯ ᠥᠬᠡᠢ ᠪᠤᠯᠭᠠᠬᠤ ᠶᠢ ᠢᠳᠡᠪᠬᠢᠲᠡᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
624.png
ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠨᠠᠷᠢᠨ ᠬᠢᠨᠠᠮᠠᠭᠠᠢ ᠬᠢᠨᠠᠨ ᠵᠦᠪᠯᠡᠵᠦ᠂ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠼᠦᠢ ᠲᠢᠶᠤ ᠵᠢᠶᠦ᠋ᠨ᠂ ᠭᠤᠤ ᠵᠢᠶ ᠹᠠᠨ᠂ ᠰᠥᠩ ᠶᠠᠨ᠂ ᠦ᠋ ᠬᠤᠶ ᠹᠠᠩ᠂ ᠦ᠋ ᠰᠢᠨ ᠮᠢᠩ᠂ ᠰᠦᠨ ᠵᠢᠩ ᠨᠠᠨ ᠵᠡᠷᠭᠡ 6 ᠲᠥᠯᠥᠭᠡᠯᠡᠭᠴᠢ ᠲᠣᠰ ᠲᠣᠰ ᠥᠨᠳᠥᠷ ᠲᠦᠪᠰᠢᠨ ᠪᠥᠬᠦᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠬᠡᠷᠡᠯᠴᠢ ᠴᠡᠨᠡᠭ ᠤᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠬᠤ᠂ ᠬᠠᠮᠲᠤ ᠪᠠᠷ ᠪᠠᠶᠠᠵᠢᠭᠰᠡᠨ ᠵᠣᠯ ᠵᠢᠷᠭᠠᠯᠲᠤ ᠲᠣᠰᠬᠤᠨ ᠢ ᠪᠠᠶᠢᠭᠤᠯᠬᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠭᠴᠠᠵᠢᠭᠰᠠᠨ ᠬᠥᠭᠵᠢᠯᠲᠡ ᠳᠤ ᠦᠢᠯᠡᠴᠢᠯᠡᠬᠦ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠵᠡᠷᠭᠡ ᠠᠰᠠᠭᠤᠳᠠᠯ ᠤᠨ ᠲᠤᠬᠠᠶ ᠦᠭᠡ ᠬᠡᠯᠡᠪᠡ᠃ ᠰᠢ ᠶᠢᠨ ᠫᠢᠩ ᠪᠠᠶᠢᠨ ᠳᠠᠬᠢᠨ ᠳᠤᠮᠳᠠ ᠨᠢ ᠦᠭᠡ ᠬᠡᠯᠡᠵᠦ᠂ ᠤᠯᠠᠨ ᠲᠠᠢ ᠶᠠᠷᠢᠯᠴᠠᠵᠤ ᠰᠣᠯᠢᠯᠴᠠᠪᠠ᠃   ᠣᠯᠠᠨ ᠤ ᠬᠡᠯᠡᠬᠦ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠦᠭᠡ ᠬᠡᠯᠡᠪᠡ᠃ ᠲᠡᠷᠡ ᠡᠩ ᠲᠡᠷᠢᠭᠦᠨ ᠳᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠵᠥᠪᠰᠢᠶᠡᠷᠡᠵᠦ ᠪᠠᠶᠢᠬᠤ ᠪᠠᠨ ᠢᠯᠡᠳᠭᠡᠵᠦ᠂ ᠵᠢᠶᠠᠩᠰᠦ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠵᠢᠶᠠᠩᠰᠦ ᠶᠢᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠴᠢᠬᠤᠯᠠ ᠡᠭᠦᠷᠭᠡ ᠶᠢ ᠵᠣᠷᠢᠭᠲᠠᠢ ᠡᠭᠦᠷᠭᠡᠯᠡᠵᠦ᠂ ᠪᠦᠬᠦ ᠤᠯᠤᠰ ᠤᠨ ᠶᠡᠭᠡ ᠲᠠᠯ᠎ᠠ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠪᠡ᠃   ᠰᠢ ᠶᠢᠨ ᠫᠢᠩ᠂ ᠵᠢᠶᠠᠩᠰᠦ ᠶᠢᠨ ᠬᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠰᠠᠶᠢᠨ ᠰᠠᠶᠢᠬᠠᠨ ᠨᠥᠬᠦᠴᠡᠯ ᠪᠠ ᠴᠢᠳᠠᠪᠤᠷᠢ ᠲᠠᠢ ᠶᠤᠮ᠃ ᠲᠡᠷᠢᠭᠦᠨ ᠤ ᠦᠢᠯᠡᠳᠬᠦ ᠦᠢᠯᠡᠰ ᠢᠶᠠᠷ ᠭᠤᠣᠯ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠡᠨᠡ ᠬᠦ ᠭᠤᠣᠯᠳᠠᠯᠭ᠎ᠠ ᠶᠢ ᠲᠤᠪᠤᠶᠢᠯᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠣᠯᠭᠠᠵᠤ᠂ ᠤᠯᠠᠮᠵᠢᠯᠠᠯᠲᠤ ᠠᠵᠤ ᠦᠢᠯᠡᠰ ᠢ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠨ᠂ ᠤᠯᠠᠮᠵᠢᠯᠠᠯᠲᠤ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠪᠠᠬᠢᠵᠢᠭᠦᠯᠵᠦ᠂ ᠳᠡᠯᠡᠬᠡᠢ ᠳᠡᠭᠡᠷ᠎ᠡ ᠦᠷᠢᠰᠦᠯᠳᠦᠬᠦ ᠬᠦᠴᠦᠨ ᠲᠠᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠦᠯᠦᠭᠵᠢᠯ ᠢ ᠲᠦᠷᠭᠡᠳᠭᠡᠨ ᠪᠠᠶᠢᠭᠤᠯᠵᠤ᠂ ᠵᠢᠶᠠᠩᠰᠦ ᠶᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠵᠢᠭᠰᠠᠭᠠᠯ ᠤᠨ ᠭᠠᠵᠠᠷ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ ᠲᠣᠭᠤᠷᠢᠨ ᠳᠤ᠂ ᠥᠮᠴᠢᠯᠡᠯ ᠤᠨ ᠡᠷᠬᠡ ᠶᠢ ᠬᠠᠮᠠᠭᠠᠯᠠᠬᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠡᠷᠬᠡ ᠲᠡᠭᠰᠢ ᠪᠠᠷ ᠦᠷᠢᠰᠦᠯᠳᠦᠬᠦ᠂ ᠨᠡᠶᠢᠭᠡᠮ ᠤᠨ ᠢᠲᠡᠭᠡᠮᠵᠢ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠲᠦᠷᠢᠮ ᠢ ᠲᠦᠷᠭᠡᠳᠭᠡᠨ ᠲᠡᠭᠦᠯᠳᠡᠷᠵᠢᠭᠦᠯᠬᠦ ᠬᠡᠷᠡᠭᠲᠡᠢ᠃ ︽ᠬᠤᠶᠠᠷ ᠡᠷᠡᠰ ᠭᠤᠶᠢᠪᠢᠰᠢ ᠦᠭᠡᠢ ᠪᠠᠶᠢᠬᠤ︾ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠲᠡᠮᠵᠢᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠭᠠᠳᠤ ᠬᠥᠳᠡᠯᠭᠡᠬᠦ ᠬᠦᠴᠦᠨ ᠪᠣᠯᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠠᠶᠢᠭᠤᠯᠤᠮᠵᠢ᠂ ᠰᠤᠷᠭᠠᠨ ᠬᠥᠮᠦᠵᠢᠯ ᠤᠨ ᠪᠠᠶᠢᠭᠤᠯᠤᠮᠵᠢ᠂ ᠴᠢᠳᠠᠪᠤᠷᠢᠲᠠᠨ ᠤ ᠪᠠᠶᠢᠭᠤᠯᠤᠮᠵᠢ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠪᠠ ᠬᠤᠷᠢᠭ᠎ᠠ ᠶᠢ ᠨᠡᠪᠲᠡᠷᠡᠭᠦᠯᠬᠦ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠪᠠᠶᠢᠭᠤᠯᠵᠤ᠂ ᠨᠠᠩ ᠥᠨᠳᠥᠷ ᠲᠦᠪᠰᠢᠨ ᠪᠥᠬᠦᠶ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠰᠢᠨ᠎ᠡ ᠳᠠᠪᠠᠭᠤᠯᠢᠭ ᠢ ᠪᠣᠶ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠯᠢ ᠤᠯᠠᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ᠂ ᠭᠤᠣᠯ ᠴᠣᠭᠴᠠ ᠶᠢᠨ ᠴᠢᠳᠠᠮᠵᠢᠳᠤ ᠣᠷᠣᠨ ᠤ ᠪᠠᠶᠢᠯᠳᠤᠬᠤ ᠪᠤᠳᠤᠯᠭ᠎ᠠ ᠵᠡᠷᠭᠡ ᠶᠢ ᠬᠡᠷᠡᠭᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠪᠡ᠃ ᠵᠢᠶᠠᠩᠰᠦ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠪᠣᠯᠤᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠬᠴᠠᠵᠢᠬᠰᠠᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠪᠦᠬᠦ ᠲᠠᠯ᠎ᠠ ᠪᠠᠷ ᠠᠭᠤᠰᠤᠯᠴᠠᠨ ᠦᠢᠯᠡᠴᠢᠯᠡᠵᠦ᠂ ᠪᠤᠰᠤᠳ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠣᠯᠤᠨ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠯᠤᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠨᠡᠩ ᠶᠡᠭᠡ ᠬᠡᠪᠴᠢᠶᠡᠨ ᠳᠤ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠬᠤᠯᠪᠣᠭᠠᠯᠠᠨ ᠪᠠᠶᠢᠭᠤᠯᠵᠤ᠂ ᠣᠷᠣᠨ ᠪᠦᠰᠡ ᠴᠢᠨᠠᠭᠰᠢᠯᠠᠪᠠᠯ ᠪᠦᠬᠦ ᠤᠯᠤᠰ ᠤᠨ ᠬᠥᠭᠵᠢᠯᠲᠡ ᠳᠤ ᠦᠵᠡᠭᠦᠯᠬᠦ ᠠᠵᠤ ᠠᠬᠤᠢ ᠶᠢᠨ ᠲᠤᠮᠤ ᠮᠤᠵᠢ ᠶᠢᠨ ᠨᠥᠯᠥᠭᠡᠯᠡᠨ ᠳᠠᠶᠢᠴᠢᠯᠠᠬᠤ ᠬᠦᠴᠦᠨ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠦᠷᠭᠦᠯᠵᠢᠯᠡᠨ ᠪᠠᠬᠢᠵᠢᠭᠦᠯᠦᠨ ᠴᠢᠩᠭᠠᠳᠬᠠᠵᠤ ᠂ ᠪᠦᠬᠦ ᠨᠡᠶᠢᠭᠡᠮ ᠤᠨ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠬᠦ ᠳᠤ᠂ ᠨᠠᠮ ᠤᠨ ᠭᠡᠰᠢᠭᠦᠨ ᠺᠠᠳ᠋ᠷ ᠡᠩ ᠲᠡᠷᠢᠭᠦᠨ ᠳᠤ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠤᠷᠳᠤ ᠬᠤᠭᠤᠴᠠᠭᠠᠨ ᠤ ᠪᠦᠲᠦᠮᠵᠢᠲᠤ ᠲᠣᠭᠲᠠᠴᠠ ᠶᠢ ᠪᠠᠶᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠪᠦᠬᠦ ᠨᠠᠮ ᠪᠦᠬᠦ ᠨᠡᠶᠢᠭᠡᠮ ᠤᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ ᠂ ᠨᠠᠮ ᠤᠨ ᠭᠡᠰᠢᠭᠦᠨ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠤᠷᠮ᠎ᠠ ᠵᠣᠷᠢᠭ ᠢ ᠬᠥᠭᠵᠢᠭᠡᠬᠦ ᠬᠡᠷᠡᠭᠲᠡᠢ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠥᠪᠡᠷ ᠤᠨ ᠬᠤᠶᠠᠷ ᠭᠠᠷ ᠢᠶᠠᠷ ᠢᠶᠠᠨ ᠵᠣᠯ ᠵᠢᠷᠭᠠᠯᠲᠤ ᠠᠮᠢᠳᠤᠷᠠᠯ ᠢᠶᠠᠨ ᠴᠣᠭᠴᠠᠯᠠᠬᠤ ᠶᠢ ᠬᠥᠲᠥᠯᠥᠨ ᠵᠢᠯᠣᠭᠤᠳᠴᠤ ᠵᠣᠷᠢᠭᠵᠢᠭᠤᠯᠬᠤ ᠬᠡᠷᠡᠭᠲᠡᠶ ᠭᠡᠵᠦ ᠵᠢᠭᠠᠵᠦ ᠭᠠᠷᠭᠠᠪᠠ᠃ᠰᠢ ᠶᠢᠨ ᠫᠢᠩ ᠬᠠᠮᠤᠭ ᠤᠨ ᠰᠡᠭᠦᠯ ᠳᠤ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠴᠢᠨᠠᠭᠰᠢᠳᠠ ᠰᠠᠶᠢᠲᠤᠷ ᠬᠢᠵᠦ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠪᠠ ᠡᠳ᠋ ᠬᠦᠷᠦᠩᠬᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃   ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠣᠷᠣᠯᠴᠠᠪᠠ᠃   ᠮᠦ ᠬᠤᠩ᠂ ᠵᠢᠶᠠᠩ ᠰᠢᠨ ᡁᠢ ᠨᠡᠷ ᠣᠷᠣᠯᠴᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号