ᠯᠢ ᠴᠢᠶᠠᠩ ᠶᠦᠨᠨᠠᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠣᠨᠴᠠᠯᠢᠭ ᠢᠶᠠᠨ ᠪᠠᠳᠠᠷᠠᠭᠤᠯᠵᠤ ᠤᠯᠤᠰ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠠᠭᠤᠰᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2024/3/6
   ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 5 ᠤ ᠡᠳᠦᠷ ᠤᠨ ᠦᠳᠡ ᠶᠢᠨ ᠬᠤᠶᠢᠨ᠎ᠠ ᠶᠦᠨᠨᠠᠨ ᠤ ᠲᠥᠯᠥᠭᠡᠯᠡᠭᠴᠢᠳ ᠤᠨ ᠪᠦᠯᠬᠦᠮ ᠳᠤ ᠢᠷᠡᠵᠦ᠂ ᠲᠥᠯᠥᠭᠡᠯᠡᠭᠴᠢᠳ ᠲᠠᠢ ᠬᠠᠮᠲᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠶᠠᠷᠢᠯᠴᠠᠪᠠ᠃ ᠰᠦ᠋ ᠶᠥᠩ ᠵᠦᠩ᠂ ᠰᠢᠦᠢ ᠠᠨ ᠼᠧ᠂ ᠯᠢ ᠸᠧᠨ ᠾᠦᠢ ᠵᠡᠷᠭᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠯᠢ ᠴᠢᠶᠠᠩ ᠰᠣᠨᠣᠰᠬᠤ ᠶᠢᠨ ᠳᠠᠭᠠᠤ ᠲᠡᠮᠳᠡᠭᠯᠡᠵᠦ᠂ ᠪᠠᠶᠢᠨ ᠪᠠᠶᠢᠨ ᠣᠯᠠᠨ ᠲᠠᠢ ᠰᠠᠨᠠᠯ ᠢᠶᠠᠨ ᠰᠣᠯᠢᠯᠴᠠᠨ ᠶᠠᠷᠢᠯᠴᠠᠪᠠ᠃    ᠲᠥᠯᠥᠭᠡᠯᠡᠭᠴᠢᠳ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠯᠢ ᠴᠢᠶᠠᠩ᠂ ᠥᠩᠭᠡᠷᠡᠭᠰᠡᠨ ᠨᠢᠭᠡ ᠵᠢᠯ ᠳᠤ᠂ ᠶᠡᠷᠦ ᠪᠤᠰᠤ ᠶᠢᠨ ᠨᠠᠷᠢᠨ ᠪᠤᠳᠤᠯᠢᠶᠠᠨᠲᠠᠢ ᠳᠡᠯᠡᠬᠡᠢ ᠶᠢᠨ ᠣᠷᠴᠢᠨ ᠲᠣᠭᠤᠷᠢᠨ ᠪᠣᠯᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢ᠊ ᠡᠶ᠎ᠡ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠳᠠᠷᠤᠯᠲᠠ ᠶᠢ ᠲᠠᠭᠠᠵᠤ᠂ ᠳᠣᠲᠣᠭᠠᠳᠤ ᠶᠢᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ ᠪᠦᠬᠦ ᠵᠢᠯ ᠤᠨ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠡᠳᠡᠭᠡᠷ ᠠᠮᠵᠢᠯᠲᠠ ᠪᠦᠲᠦᠮᠵᠢ ᠨᠢ ᠬᠢᠯᠪᠠᠷ ᠪᠤᠰᠤ ᠪᠠᠷ ᠢᠷᠡᠭᠰᠡᠨ ᠶᠤᠮ᠂ ᠪᠢᠳᠡ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠡᠩ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢ᠊ ᠡᠶ᠎ᠡ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ ᠂ ᠪᠦᠬᠦ ᠲᠠᠯ᠎ᠠ ᠪᠠᠷ ᠲᠤᠤᠱᠯᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠦᠯᠡᠨ ᠴᠢᠷᠮᠠᠶᠢᠵᠤ᠂ ᠠᠯᠢᠪᠠ ᠠᠰᠢᠭᠲᠠᠢ ᠴᠠᠭ ᠲᠣᠬᠢᠶᠠᠯ ᠢ ᠠᠮᠵᠢᠵᠤ᠂ ᠠᠯᠢᠪᠠ ᠠᠰᠢᠭᠲᠠᠢ ᠨᠥᠬᠦᠴᠡᠯ ᠢ ᠠᠰᠢᠭᠯᠠᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃     ᠯᠢ ᠴᠢᠶᠠᠩ ᠴᠢᠬᠤᠯᠠᠴᠢᠯᠠᠬᠤ ᠳᠤ ᠪᠠᠨ᠂ ᠶᠡᠷᠦᠩᠬᠡᠢ ᠱᠦᠵᠢ ᠰᠢ ᠶᠢᠨ ᠫᠢᠩ ᠤᠨ ᠶᠦᠨᠨᠠᠨ ᠤ ᠬᠥᠭᠵᠢᠯᠲᠡ ᠳᠤ ᠭᠦᠨ ᠵᠤᠵᠠᠭᠠᠨ ᠬᠦᠰᠡᠯ ᠨᠠᠶᠢᠳᠠᠯᠭ᠎ᠠ ᠲᠠᠯᠪᠢᠪᠠ᠃ ᠶᠡᠷᠦᠩᠬᠡᠢ ᠱᠦᠵᠢ ᠰᠢ ᠶᠢᠨ ᠫᠢᠩ ᠤᠨ ᠶᠦᠨᠨᠠᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠦᠬᠦ ᠲᠠᠯ᠎ᠠ ᠶᠢᠨ ᠪᠠᠶᠢᠷᠢᠯᠠᠭᠤᠯᠤᠯᠲᠠ ᠪᠣᠯᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠪᠣᠳᠠᠲᠠᠢ ᠲᠣᠬᠢᠷᠠᠭᠤᠯᠤᠯᠲᠠ ᠶᠣᠰᠣᠭᠠᠷ᠂ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠨᠴᠠᠯᠢᠭ ᠢᠶᠠᠨ ᠢᠯᠡᠷᠡᠭᠦᠯᠵᠦ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠵᠦ᠂ ᠤᠯᠤᠰ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢᠨ ᠨᠡᠩ ᠶᠡᠭᠡ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢᠨ ᠶᠡᠭᠡ ᠶᠠᠪᠤᠳᠠᠯ ᠢ ᠰᠠᠶᠢᠲᠤᠷ ᠬᠢᠵᠦ᠂ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠠᠴᠠ ᠡᠭᠦᠰᠴᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠥᠪᠡᠷ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠪᠠᠷᠢᠮᠲᠠᠯᠠᠵᠤ᠂ ᠲᠡᠷᠢᠭᠦᠨ ᠤ ᠦᠢᠯᠡᠳᠬᠦ ᠦᠢᠯᠡᠰ᠂ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠪᠣᠯᠤᠨ ᠵᠤᠭᠠᠴᠠᠯ ᠤᠨ ᠦᠢᠯᠡᠰ ᠢ ᠶᠡᠬᠡᠪᠡᠷ ᠬᠥᠭᠵᠢᠭᠦᠯᠬᠦ ᠬᠡᠷᠡᠭᠲᠡᠢ᠃ ᠭᠠᠳᠠᠭᠠᠳᠤ ᠨᠡᠭᠡᠭᠡᠯᠲᠡ ᠶᠢᠨ ᠰᠠᠨᠠᠭᠠᠴᠢᠯᠠᠭᠠᠲᠤ ᠫᠠᠶᠢᠰᠠ ᠶᠢ ᠰᠠᠶᠢᠲᠤᠷ ᠲᠠᠯᠪᠢᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠡᠮᠦᠨᠡᠲᠦ ᠠᠽᠢᠶ᠎ᠠ ᠶᠢᠨ ᠵᠡᠭᠦᠨ ᠡᠮᠦᠨᠡᠲᠦ ᠠᠽᠢᠶ᠎ᠠ ᠳᠤ ᠬᠠᠨᠳᠤᠭᠤᠯᠤᠭᠰᠠᠨ ᠨᠥᠯᠥᠭᠡᠯᠡᠬᠦ ᠲᠥᠪ ᠢ ᠲᠦᠷᠭᠡᠳᠬᠡᠨ ᠪᠠᠶᠢᠭᠤᠯᠵᠤ ᠂ ᠵᠡᠭᠦᠨ ᠬᠡᠰᠡᠭ ᠤᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠨᠡᠩ ᠶᠡᠭᠡ ᠡᠷᠴᠢᠮ ᠢᠶᠠᠷ ᠬᠦᠯᠢᠶᠡᠨ ᠠᠪᠴᠤ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠭᠠᠳᠠᠭᠠᠳᠤ ᠨᠡᠭᠡᠭᠡᠯᠲᠡ ᠶᠢᠨ ᠰᠢᠨ᠎ᠡ ᠳᠠᠪᠠᠭᠤᠯᠢᠭ ᠪᠣᠯᠭᠠᠨ ᠨᠡᠩ ᠰᠠᠶᠢᠲᠤᠷ ᠬᠤᠪᠢᠷᠠᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠠᠲᠠᠭᠤ ᠡᠭᠦᠷᠭᠡ ᠶᠢ ᠪᠣᠳᠠᠲᠠᠢ ᠠᠳᠬᠤᠵᠤ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠭᠰᠠᠨ ᠰᠠᠭᠤᠷᠢᠨ ᠳᠡᠭᠡᠷ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠵᠡᠷᠭᠡ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号