ᠸᠠᠩ ᠬᠤ᠋ ᠨᠢᠩ ᠭᠦᠢᠵᠧᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠴᠢᠷᠮᠠᠶᠢᠨ ᠲᠡᠮᠡᠴᠡᠵᠦ ᠵᠢᠳᠭᠦᠯ ᠴᠢᠷᠮᠠᠶᠢᠯᠭ᠎ᠠ ᠭᠠᠷᠭᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/3/6
   ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠭᠦᠢᠵᠧᠦ ᠶᠢᠨ ᠲᠥᠯᠥᠭᠡᠯᠡᠭᠴᠢᠳ ᠤᠨ ᠪᠦᠯᠬᠦᠮ ᠳᠤ ᠢᠷᠡᠵᠦ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ ᠵᠦᠪᠯᠡᠪᠡ᠃ ᠹᠦ᠋ ᠴᠢᠩ ᠮᠧᠢ᠂ ᠬᠤ᠋ ᠶᠦᠩ ᠵᠦᠩ᠂ ᠽᠸᠤ ᠯᠢᠶᠠᠨ ᠺᠧ ᠵᠡᠷᠭᠡ ᠲᠥᠯᠥᠭᠡᠯᠡᠭᠴᠢ ᠢᠳᠡᠪᠬᠢᠲᠡᠢ ᠦᠭᠡ ᠬᠡᠯᠡᠵᠦ᠂ ᠬᠤᠷᠠᠯ ᠤᠨ ᠲᠠᠯᠠᠪᠠᠢ ᠬᠦᠷ ᠬᠥᠭᠵᠢᠶᠡᠨᠲᠡᠢ ᠪᠠᠶᠢᠯ᠎ᠠ᠃   ᠸᠠᠩ ᠬᠤ᠋ ᠨᠢᠩ ᠲᠥᠯᠥᠭᠡᠯᠡᠭᠴᠢᠳ ᠤᠨ ᠦᠭᠡ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠢᠯᠡᠷᠡᠭᠦᠯᠵᠦ᠂ ᠨᠠᠮ ᠤᠨ ᠲᠥᠪ ᠬᠤᠷᠢᠶ᠎ᠠ ᠶᠢᠨ ᠡᠨᠡ ᠵᠢᠯ ᠤᠨ ᠠᠵᠢᠯ ᠤᠨ ᠲᠤᠬᠠᠢ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠢᠯᠡᠷᠡᠭᠦᠯᠵᠡᠢ᠃ ᠡᠨᠡ ᠬᠦ ᠢᠯᠡᠳᠭᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ ᠭᠡᠵᠦ ᠢᠯᠡᠳᠭᠡᠪᠡ᠃   ᠸᠠᠩ ᠬᠤ᠋ ᠨᠢᠩ᠂ ︽ᠬᠤᠶᠠᠷ ᠢ ᠲᠣᠭᠲᠠᠭᠠᠭᠰᠠᠨ︾ ᠨᠢ ᠪᠢᠳᠡᠨ ᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠰᠢᠢᠳᠪᠦᠷᠢᠯᠡᠭᠴᠢ ᠠᠴᠢ ᠬᠤᠯᠪᠣᠭᠳᠠᠯ ᠲᠠᠢ ᠭᠡᠳᠡᠭ ᠢ ᠨᠢᠭᠡ ᠵᠢᠯ ᠤᠨ ᠲᠤᠷᠰᠢᠬᠢ ᠦᠢᠯᠡᠳᠦᠯᠭᠡ ᠳᠠᠬᠢᠨᠲᠠ ᠭᠦᠢᠴᠡᠳ ᠭᠡᠷᠡᠴᠢᠯᠡᠪᠡ᠃ ᠪᠢᠳᠡ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠭᠢᠯ ᠢᠶᠠᠨ ᠨᠢᠭᠡᠳᠭᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠰᠠᠶᠢᠲᠤᠷ ᠣᠶᠢᠯᠠᠭᠠᠵᠤ ᠲᠤᠭᠤᠷᠠᠳᠠᠯ᠎ᠠ ᠮᠡᠳᠡᠵᠤ ᠪᠣᠳᠠᠲᠠᠢ ᠬᠢᠬᠦ᠂ ᠭᠦᠨᠵᠡᠭᠡᠶᠢᠷᠡᠭᠦᠯᠬᠦ ᠰᠢᠩᠭᠡᠭᠡᠬᠦ ᠤᠨᠳᠤᠤᠰᠢᠭᠤᠯᠬᠤ ᠳᠡᠭᠡᠷ᠎ᠡ ᠦᠷᠭᠦᠯᠵᠢᠯᠡᠨ ᠬᠦᠴᠦᠯᠡᠵᠦ᠂ ᠦᠵᠡᠯ ᠰᠠᠨᠠᠭ᠎ᠠ᠂ ᠬᠦᠰᠡᠯ ᠵᠣᠷᠢᠯᠲᠠ᠂ ᠦᠢᠯᠡ ᠠᠵᠢᠯᠯᠠᠭ᠎ᠠ ᠪᠠᠨ ᠨᠡᠩ ᠰᠠᠶᠢᠲᠤᠷ ᠨᠢᠭᠡᠳᠭᠡᠬᠦ ᠬᠡᠷᠡᠭᠲᠡᠢ ᠭᠡᠵᠦ ᠢᠯᠡᠳᠭᠡᠪᠡ᠃   ᠸᠠᠩ ᠬᠤ᠋ ᠨᠢᠩ᠂ ᠭᠦᠢᠵᠧᠦ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠪᠠᠷ ᠪᠦᠬᠦ ᠲᠠᠯ᠎ᠠ ᠶᠢ ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠤᠨᠤᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠨ ᠦᠢᠯᠡᠴᠢᠯᠡᠵᠦ ᠂ ᠠᠵᠤ ᠠᠬᠤᠢ ᠬᠥᠭᠵᠢᠭᠰᠡᠨ᠂ ᠠᠷᠠᠳ ᠲᠦᠮᠡᠨ ᠪᠠᠶᠠᠵᠢᠭᠰᠠᠨ᠂ ᠠᠮᠢ ᠠᠬᠤᠢ ᠦᠵᠡᠰᠭᠦᠯᠡᠩᠲᠦ ᠰᠠᠶᠢᠬᠠᠨ ᠪᠣᠯᠤᠭᠰᠠᠨ ᠭᠦᠢᠵᠧᠦ ᠶᠢᠨ ᠰᠢᠨ᠎ᠡ ᠢᠷᠡᠭᠡᠳᠦᠢ ᠶᠢ ᠨᠡᠭᠡᠭᠡᠨ ᠡᠭᠦᠳᠬᠦ ᠬᠡᠷᠡᠭᠲᠡᠢ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠨᠡ ᠬᠦ ᠦᠨᠳᠦᠰᠦᠨ ᠬᠥᠳᠡᠯᠭᠡᠬᠦ ᠬᠦᠴᠦᠨ ᠢ ᠪᠠᠷᠢᠮᠲᠠᠯᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠴᠢᠨᠠᠭᠰᠢᠲᠠ ᠲᠥᠯᠥᠪᠵᠢᠭᠦᠯᠵᠦ᠂ ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠪᠣᠯᠤᠨ ᠪᠦᠲᠦᠴᠡ ᠶᠢᠨ ᠴᠢᠨᠠᠷᠲᠠᠢ ᠵᠥᠷᠢᠴᠡᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠦᠴᠦᠨ ᠢᠶᠠᠨ ᠲᠥᠪᠯᠡᠷᠡᠭᠦᠯᠦᠨ ᠤᠯᠠᠨ ᠲᠦᠮᠡᠨ ᠤ ᠤᠯᠵᠤ ᠮᠡᠳᠡᠷᠡᠬᠦ ᠪᠤᠳᠠᠳᠠᠢ ᠬᠦᠷᠳᠡᠬᠦ ᠪᠣᠳᠠᠲᠤ ᠶᠠᠪᠤᠳᠠᠯ ᠢ ᠰᠠᠶᠢᠲᠤᠷ ᠠᠳᠬᠤᠵᠤ᠂ ᠤᠯᠠᠨ ᠲᠦᠮᠡᠨ ᠳᠤ ᠲᠠᠰᠤᠷᠠᠯᠳᠠ ᠦᠭᠡᠢ ᠰᠢᠨ᠎ᠡ ᠬᠦᠷᠲᠡᠮᠵᠢ ᠶᠢᠨ ᠲᠦᠷᠦᠭᠳᠡᠯ ᠣᠯᠭᠤᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠡᠨᠡ ᠬᠦ ᠶᠡᠭᠡ ᠶᠠᠪᠤᠳᠠᠯ ᠢ ᠲᠠᠰᠤᠷᠠᠯᠳᠠ ᠦᠭᠡᠢ ᠰᠠᠶᠢᠲᠤᠷ ᠬᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠪᠣᠳᠠᠲᠠᠶ ᠠᠳᠬᠤᠵᠤ᠂ ᠴᠥᠭᠡᠨ ᠲᠣᠭᠠᠲᠤ ᠦᠨᠳᠦᠰᠦᠲᠡᠨ ᠪᠣᠯᠤᠨ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠭᠡᠬᠦ ᠬᠡᠷᠡᠭᠲᠡᠶ᠃ ᠨᠠᠮ ᠤᠨ ᠤᠳᠤᠷᠢᠳᠤᠯᠭ᠎ᠠ ᠪᠣᠯᠤᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠪᠠᠨ ᠳᠡᠭᠡᠭᠰᠢᠯᠡᠭᠦᠯᠵᠦ᠂ ᠺᠠᠳ᠋ᠷ ᠤᠯᠠᠨ ᠲᠦᠮᠡᠨ ᠤ ᠠᠵᠢᠯ ᠬᠢᠵᠦ ᠦᠢᠯᠡᠰ ᠪᠤᠰᠬᠠᠬᠤ ᠤᠷᠮ᠎ᠠ ᠵᠣᠷᠢᠭ ᠢ ᠬᠥᠭᠵᠢᠭᠡᠬᠦ ᠬᠡᠷᠡᠭᠲᠡᠢ ᠭᠡᠵᠦ ᠬᠦᠰᠡᠪᠡ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号