ᠳ᠋ᠢᠩ ᠰᠢᠦᠸᠡᠢ ᠰᠢᠶᠠᠩ ᠯᠢᠶᠣᠤᠨᠢᠩ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠰᠢᠨ᠎ᠡ ᠴᠠᠭ ᠦᠶ᠎ᠡ ᠰᠢᠨ᠎ᠡ ᠠᠶᠠᠨ ᠤ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ
ᠨᠡᠶᠢᠲᠡᠯᠡᠭᠰᠡᠨ ᠴᠠᠭ᠄
2024/3/6
   ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠳᠠᠳ ᠶᠡᠷᠦᠩᠬᠡᠢ ᠰᠠᠶᠢᠳ ᠳ᠋ᠢᠩ ᠰᠢᠦᠸᠡᠢ ᠰᠢᠶᠠᠩ 5 ᠤ ᠡᠳᠦᠷ ᠤᠨ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠯᠢᠶᠣᠤᠨᠢᠩ ᠤᠨ ᠲᠥᠯᠥᠭᠡᠯᠡᠭᠴᠢᠳ ᠤᠨ ᠪᠦᠯᠬᠦᠮ ᠳᠤ ᠢᠷᠡᠵᠦ᠂ ᠲᠥᠯᠥᠭᠡᠯᠡᠭᠴᠢᠳ ᠲᠠᠢ ᠬᠠᠮᠲᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠶᠠᠷᠢᠯᠴᠠᠪᠠ᠃ ᠲᠠᠩ ᠯᠢ ᠰᠢᠨ᠂ ᠵᠠᠩ ᠶᠢᠨ᠂ ᠵᠠᠩ ᠳ᠋ᠧ ᠪᠢᠨ ᠵᠡᠷᠭᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠪᠡ᠃    ᠲᠥᠯᠥᠭᠡᠯᠡᠭᠴᠢᠳ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠳ᠋ᠢᠩ ᠰᠢᠦᠸᠡᠢ ᠰᠢᠶᠠᠩ᠂ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠨᠢ ᠲᠤᠭ ᠢ ᠥᠨᠳᠥᠷ ᠮᠠᠨᠳᠤᠭᠤᠯᠤᠭᠰᠠᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠭᠰᠠᠨ ᠰᠠᠶᠢᠨ ᠮᠡᠳᠡᠭᠦᠯᠦᠯᠲᠡ ᠪᠣᠯᠤᠨ᠎ᠠ᠂ ᠪᠢ ᠪᠦᠷᠢᠮᠦᠰᠦᠨ ᠵᠥᠪᠰᠢᠶᠡᠷᠡᠨ᠎ᠡ᠃    ᠳ᠋ᠢᠩ ᠰᠢᠦᠸᠡᠢ ᠰᠢᠶᠠᠩ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠤᠯᠤᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠡᠷᠦ ᠪᠤᠰᠤ ᠶᠢᠨ ᠪᠠᠶᠢᠵᠤ᠂ ᠰᠢᠨ᠎ᠡ ᠠᠶᠠᠨ ᠵᠠᠮ ᠯᠠᠪᠳᠠᠭᠤᠨ ᠪᠠᠲᠤᠲᠠᠢ ᠠᠯᠬᠤᠵᠤ᠂ ᠰᠢᠨ᠎ᠡ ᠴᠠᠭ ᠦᠶ᠎ᠡ ᠶᠢᠨ ᠬᠠᠭᠤᠳᠠᠰᠤ ᠶᠢ ᠦᠷᠭᠦᠯᠵᠢᠯᠡᠨ ᠪᠢᠴᠢᠭᠯᠡᠪᠡ᠃ ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ ᠶᠤᠮ᠂ ᠡᠨᠡ ᠨᠢ ᠶᠡᠷᠦᠩᠬᠡᠢ ᠱᠦᠵᠢ ᠰᠢ ᠶᠢᠨ ᠫᠢᠩ ᠠᠶᠠᠯᠠᠯ ᠢ ᠤᠳᠤᠷᠢᠳᠤᠨ ᠵᠠᠯᠠᠭᠤᠷ ᠢ ᠠᠳᠬᠤᠬᠤ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠳᠤ ᠪᠠᠶᠢᠨ᠎ᠠ᠃ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃    ᠳ᠋ᠢᠩ ᠰᠢᠦᠸᠡᠢ ᠰᠢᠶᠠᠩ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠳᠤ᠂ ᠰᠢᠨ᠎ᠡ ᠴᠠᠭ ᠦᠶ᠎ᠡ ᠰᠢᠨ᠎ᠡ ᠠᠶᠠᠨ ᠤ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ᠃ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠵᠤ᠂ ᠬᠥᠭᠵᠢᠯᠲᠡ ᠶᠢᠨ ᠣᠷᠴᠢᠨ ᠲᠣᠭᠤᠷᠢᠨ ᠤ ᠬᠤᠪᠢᠷᠠᠯᠲᠠ ᠶᠢ ᠡᠵᠡᠮᠳᠡᠵᠦ᠂ ᠣᠶᠤᠨ ᠴᠢᠳᠠᠯ ᠢᠶᠠᠨ ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠪᠠᠷ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠢ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠤ ᠴᠢᠨᠠᠷ ᠰᠠᠶᠢᠲᠠᠢ ᠠᠮᠢᠳᠤᠷᠠᠯ ᠪᠣᠯᠭᠠᠨ ᠲᠠᠰᠤᠷᠠᠯᠲᠠ ᠦᠭᠡᠢ ᠬᠤᠪᠢᠷᠠᠭᠤᠯᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃         ᠳ᠋ᠢᠩ ᠰᠢᠦᠸᠡᠢ ᠰᠢᠶᠠᠩ ᠯᠢᠶᠣᠤᠨᠢᠩ ᠤᠨ ᠰᠡᠷᠭᠦᠨ ᠮᠠᠨᠳᠤᠯᠲᠠ ᠶᠢᠨ ᠣᠯᠤᠭᠰᠠᠨ ᠰᠢᠨ᠎ᠡ ᠠᠬᠢᠴᠠ ᠶᠢ ᠭᠦᠢᠴᠡᠳ ᠨᠤᠲᠠᠯᠠᠵᠤ᠂ ᠯᠢᠶᠣᠤᠨᠢᠩ ᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠢᠳᠡᠪᠬᠢᠲᠡᠢ ᠪᠠᠷ ᠤᠷᠤᠭᠰᠢᠯᠠᠨ ᠳᠠᠪᠰᠢᠵᠤ᠂ ᠴᠢᠨᠠᠷ ᠰᠠᠶᠢᠲᠠᠢ ᠬᠥᠭᠵᠢᠯᠲᠡ᠂ ᠦᠷᠭᠦᠯᠵᠢᠯᠡᠬᠦ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠨᠡᠭᠡᠭᠡᠬᠦ ᠶᠢ ᠬᠦᠰᠡᠵᠦ ᠪᠠᠶᠢᠨ᠎ᠠ᠃ ᠠᠵᠤ ᠠᠬᠤᠢ ᠶᠢᠨ ᠳᠡᠭᠡᠭᠰᠢᠯᠡᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠨ᠋ᠬᠠᠳᠭᠠᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠪᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠤᠨ᠎ᠠ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠯᠢᠶᠣᠤᠨᠢᠩ ᠤᠨ ᠣᠨᠴᠠᠯᠢᠭᠲᠤ ᠳᠠᠪᠠᠭᠤᠯᠢᠭ ᠪᠦᠬᠦᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ ᠪᠠ ᠴᠢᠳᠠᠪᠤᠷᠢᠲᠠᠨ ᠤ ᠲᠤᠯᠭᠠᠭᠤᠷᠢᠯᠠᠯ ᠢ ᠪᠠᠬᠢᠵᠢᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠬᠨᠢᠭ᠋ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠠᠬᠢᠭᠤᠯᠵᠤ᠂ ᠨᠡᠩ ᠣᠯᠠᠨ ᠰᠢᠯᠢᠳᠡᠭ ᠴᠢᠳᠠᠪᠤᠷᠢᠲᠠᠨ ᠢ ᠬᠥᠮᠦᠵᠢᠭᠦᠯᠵᠦ ᠣᠷᠣᠭᠤᠯᠤᠨ ᠠᠪᠴᠢᠷᠠᠨ᠎ᠠ᠃ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠥᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠨ ᠴᠢᠩᠭᠠᠷᠠᠭᠤᠯᠤᠨ᠎ᠠ᠃ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ ᠠᠷᠢᠯᠭᠠᠵᠤ᠂ ᠰᠠᠶᠢᠨ ᠰᠠᠶᠢᠬᠠᠨ ᠠᠵᠤ ᠠᠬᠤᠢ ᠮᠥᠩᠭᠦᠨ ᠭᠦᠢᠯᠭᠡᠭᠡᠨ ᠤ ᠠᠮᠢ ᠠᠬᠤᠢ ᠶᠢ ᠪᠣᠢ ᠪᠣᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠢ ᠶᠢ ᠪᠣᠢ ᠪᠣᠯᠭᠠᠵᠤ ᠂ ᠯᠢᠶᠣᠤᠨᠢᠩ ᠤᠨ ᠪᠦᠬᠦ ᠲᠠᠯ᠎ᠠ ᠶᠢᠨ ᠬᠥᠭᠵᠢᠯ ᠮᠠᠨᠳᠤᠯ ᠢ ᠨᠡᠩ ᠰᠠᠶᠢᠲᠤᠷ ᠪᠠᠲᠤᠯᠠᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号