ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2024/3/6
   ᠾᠧ ᠯᠢ ᠹᠧᠩ ᠬᠢᠨᠠᠨ ᠵᠥᠪᠯᠡᠬᠦ ᠳᠤ ᠣᠷᠣᠯᠴᠠᠭᠰᠠᠨ ᠪᠥᠭᠡᠳ ᠦᠭᠡ ᠬᠡᠯᠡᠪᠡ   ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠦᠭᠡ ᠬᠡᠯᠡᠵᠦ ᠸᠠᠩ ᠯᠢ ᠰᠢᠶᠠ ᠶᠠᠩ ᠵᠧᠨ ᠡᠤ ᠦᠭᠡ ᠬᠡᠯᠡᠪᠡ   ᠨᠶᠢ ᠬᠤᠩ ᠬᠤᠷᠠᠯ ᠳᠤ ᠣᠷᠣᠯᠴᠠᠵᠤ ᠰᠠᠨᠠᠯ ᠢ ᠰᠣᠨᠣᠰᠴᠠᠢ   3 ᠰᠠᠷ᠎ᠠ ᠶᠢᠨ 5 ᠤ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠵᠦ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ ᠵᠥᠪᠯᠡᠪᠡ᠃   ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠲᠥᠯᠥᠭᠡᠯᠡᠭᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ ᠯᠢ ᠹᠧᠩ ᠬᠢᠨᠠᠨ ᠵᠥᠪᠯᠡᠬᠦ ᠳᠤ ᠣᠷᠣᠯᠴᠠᠭᠰᠠᠨ ᠪᠥᠭᠡᠳ ᠦᠭᠡ ᠬᠡᠯᠡᠵᠡᠢ᠃   ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠦᠭᠡ ᠬᠡᠯᠡᠵᠦ᠂ ᠸᠠᠩ ᠯᠢ ᠰᠢᠶᠠ᠂ ᠶᠠᠩ ᠵᠧᠨ ᠡᠤ ᠵᠡᠷᠭᠡ ᠲᠥᠯᠥᠭᠡᠯᠡᠭᠴᠢ ᠦᠭᠡ ᠬᠡᠯᠡᠪᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠨᠶᠢ ᠬᠤᠩ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠲᠤᠭᠤᠷᠪᠢᠬᠤ ᠳᠤᠭᠤᠶᠢᠯᠠᠩ᠂ ᠶᠡᠭᠡ ᠬᠤᠷᠠᠯ ᠤᠨ ᠬᠠᠤᠯᠢ ᠶᠢᠨ ᠲᠥᠰᠦᠯ ᠤᠨ ᠳᠤᠭᠤᠶᠢᠯᠠᠩ᠂ ᠪᠢᠴᠢᠭ ᠮᠠᠲ᠋ᠧᠷᠢᠶᠠᠯ ᠲᠣᠪᠴᠢ ᠮᠡᠳᠡᠭᠡ ᠶᠢᠨ ᠳᠤᠭᠤᠶᠢᠯᠠᠩ ᠤᠨ ᠬᠠᠮᠢᠶ᠎ᠠ ᠪᠥᠬᠦᠶ ᠨᠥᠬᠦᠳ ᠬᠤᠷᠠᠯ ᠳᠤ ᠣᠷᠣᠯᠴᠠᠵᠤ ᠬᠢᠨᠠᠨ ᠵᠥᠪᠯᠡᠭᠰᠡᠨ ᠰᠠᠨᠠᠯ ᠢ ᠰᠣᠨᠣᠰᠴᠠᠢ᠃   ᠰᠦᠨ ᠱᠤᠤ ᠴᠧᠩ ᠲᠥᠯᠥᠭᠡᠯᠡᠭᠴᠢ᠂ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠪᠦᠬᠦ ᠠᠭᠤᠯᠭ᠎ᠠ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠡᠨᠡ ᠵᠢᠯ ᠤᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠲᠤᠭ ᠢ ᠥᠨᠳᠥᠷ ᠮᠠᠨᠳᠤᠭᠤᠯᠵᠤ᠂ ᠪᠣᠳᠠᠲᠠᠢ ᠶᠢ ᠡᠷᠬᠢᠮᠯᠡᠨ ᠤᠷᠤᠭᠰᠢᠯᠠᠨ ᠲᠠᠪᠰᠢᠵᠥ᠂ ᠬᠥᠮᠦᠰ ᠤᠨ ᠰᠡᠳᠭᠢᠯ ᠢ ᠵᠣᠷᠢᠭᠵᠢᠭᠤᠯᠪᠠ᠂ ᠪᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠢᠯᠡᠳᠬᠡᠯ ᠢ ᠰᠤᠷᠤᠯᠴᠠᠭᠰᠠᠨ ᠤ ᠲᠠᠷᠠᠭ᠎ᠠ᠂ ᠮᠠᠨ ᠤ ᠤᠯᠤᠰ ᠤᠨ ᠬᠥᠭᠵᠢᠯᠲᠡ ︽ᠠᠳᠡᠬᠢ ᠦᠵᠡᠮᠵᠢ ᠡᠳᠠᠪᠠᠰᠢ ᠭᠤᠶᠤ︾ ᠪᠠᠶᠢᠵᠤ ᠴᠢᠳᠠᠭᠰᠠᠨ ᠤ ᠬᠠᠮᠤᠭ ᠤᠨ ᠦᠨᠳᠦᠰᠦᠨ ᠵᠦᠢᠯ ᠪᠣᠯ ᠶᠡᠷᠦᠩᠬᠡᠢ ᠱᠦᠵᠢ ᠰᠢ ᠶᠢᠨ ᠫᠢᠩ ᠪᠦᠬᠦ ᠨᠠᠮ ᠪᠦᠬᠦ ᠤᠯᠤᠰ ᠢ ᠳᠠᠭᠠᠭᠤᠯᠤᠨ ᠲᠡᠮᠡᠴᠡᠯ ᠤᠨ ᠰᠠᠨᠠᠭᠠᠴᠢᠯᠠᠭᠠᠲᠤ ᠴᠢᠨᠠᠷ᠂ ᠪᠠᠶᠢᠯᠳᠤᠬᠤ ᠪᠤᠳᠤᠯᠭ᠎ᠠ ᠶᠢᠨ ᠰᠠᠨᠠᠭᠠᠴᠢᠯᠠᠭᠠᠲᠤ ᠴᠢᠨᠠᠷ ᠪᠣᠯᠤᠨ ᠬᠥᠭᠵᠢᠯᠲᠡ ᠶᠢᠨ ᠰᠠᠨᠠᠭᠠᠴᠢᠯᠠᠭᠠᠲᠤ ᠴᠢᠨᠠᠷ ᠢ ᠪᠠᠲᠤ ᠡᠵᠡᠮᠰᠢᠭᠰᠡᠨ ᠳᠤ ᠪᠤᠢ᠂ ᠡᠨᠡ ᠨᠢ ︽ᠬᠤᠶᠠᠷ ᠢ ᠲᠤᠭᠲᠠᠭᠠᠭᠰᠠᠨ ︾ ᠪᠣᠯ ᠪᠢᠳᠡᠨ ᠤ ᠠᠯᠢᠪᠠ ᠲᠣᠭᠲᠠᠭᠠᠯᠲᠤ ᠪᠤᠰᠤ ᠴᠢᠨᠠᠷ ᠢ ᠠᠷᠭᠠᠴᠠᠭᠠᠬᠤ ᠬᠠᠮᠤᠭ ᠤᠨ ᠶᠡᠭᠡ ᠲᠣᠭᠲᠠᠭᠠᠯᠲᠤ ᠴᠢᠨᠠᠷ ᠪᠣᠯᠬᠤ ᠶᠢ ᠳᠠᠬᠢᠨᠲᠠ ᠭᠡᠷᠡᠴᠢᠯᠡᠭᠰᠡᠨ ᠤ ᠬᠠᠮᠲᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠬᠡᠷᠡᠭᠵᠢᠭᠦᠯᠦᠭᠴᠢ᠂ ᠪᠠᠷᠢᠨ ᠬᠦᠳᠡᠯᠦᠭᠴᠢ᠂ ᠪᠤᠳᠠᠳᠠᠢ ᠠᠵᠢᠯᠯᠠᠭᠴᠢ ᠪᠤᠯᠤᠭᠰᠠᠨ ᠤ ᠬᠤᠪᠢ ᠳᠤ ᠰᠢᠨ᠎ᠡ ᠨᠢᠭᠡ ᠬᠤᠭᠤᠴᠠᠭᠠᠨ ᠤ ᠲᠥᠪ ᠤᠨ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠴᠢᠳᠠᠪᠤᠷᠢ ᠪᠣᠯᠤᠨ ᠵᠠᠰᠠᠯᠲᠠ ᠶᠢᠨ ᠦᠷ᠎ᠡ ᠪᠦᠲᠦᠮᠵᠢ ᠶᠢ ᠭᠦᠢᠴᠡᠳ ᠬᠠᠷᠠᠭᠤᠯᠤᠭᠰᠠᠨ ᠪᠠᠶᠢᠨ᠎ᠠ ᠭᠡᠳᠡᠭ ᠢ ᠪᠢᠳᠡᠨ ᠳᠤ ᠨᠡᠩ ᠭᠦᠨᠵᠡᠭᠡᠢ ᠲᠠᠨᠢᠭᠤᠯᠤᠭᠰᠠᠨ ᠪᠠᠶᠢᠨ᠎ᠠ᠃ ᠢᠯᠡᠳᠬᠡᠯ ᠳᠤ ᠡᠨᠡ ᠵᠢᠯ ᠤᠨ ᠠᠵᠢᠯ ᠳᠤ ᠰᠢᠨᠵᠢᠯᠡᠬᠦ ᠤᠬᠠᠭᠠᠨᠴᠢ ᠲᠤᠬᠢᠷᠠᠭᠤᠯᠤᠯᠳᠠ ᠬᠢᠵᠦ᠂ ᠵᠢᠱᠢᠭᠰᠡᠨ ᠬᠠᠷᠠᠯᠲᠠ ᠬᠥᠮᠦᠰ ᠤᠨ ᠰᠡᠳᠭᠢᠯ ᠢ ᠬᠥᠭᠵᠢᠭᠡᠵᠦ᠂ ᠲᠦᠷᠦ ᠶᠢᠨ ᠪᠤᠳᠤᠯᠭ᠎ᠠ ᠶᠢᠨ ᠬᠠᠨᠳᠤᠰᠢ ᠲᠣᠭᠲᠠᠭᠤᠨ ᠪᠥᠭᠡᠳ ᠢᠳᠡᠪᠬᠢᠲᠡᠢ ᠪᠠᠶᠢᠵᠤ᠂ ᠭᠤᠣᠯᠳᠠᠯᠭ᠎ᠠ ᠲᠠᠢ ᠡᠭᠦᠷᠭᠡ ᠳᠤ ᠨᠠᠷᠢᠯᠢᠭ ᠤᠨᠤᠪᠴᠢᠲᠠᠢ ᠬᠦᠴᠦᠯᠡᠵᠦ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷᠭᠦᠯᠵᠢᠯᠡᠨ ᠯᠠᠪᠳᠠᠭᠤᠨ ᠲᠤᠭᠲᠠᠭᠤᠨ ᠢᠶᠠᠷ ᠤᠷᠤᠭᠰᠢᠯᠠᠬᠤ ᠶᠢ ᠠᠬᠢᠭᠤᠯᠬᠤ ᠨᠢ ᠯᠠᠪᠲᠠᠢ ᠶᠤᠮ᠃ ᠥᠪᠥᠷ ᠮᠣᠩᠭᠤᠯ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ᠂ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠬᠦᠳᠴᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠯᠠᠪᠳᠠᠭᠤᠨ ᠪᠠᠲᠤᠲᠠᠶ ᠰᠠᠶᠢᠲᠤᠷ ᠪᠡᠶᠡᠯᠡᠭᠦᠯᠵᠥ᠂ ᠲᠥᠷᠥ ᠶᠢᠨ ᠪᠣᠳᠣᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠤ ᠶᠢ ᠵᠠᠰᠠᠬᠤ ᠪᠠ ᠰᠠᠯᠬᠢᠨ ᠬᠦᠴᠦᠨ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠳᠤᠯᠠᠭᠠᠯᠠᠬᠤ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠵᠡᠷᠭᠡ ︽ᠵᠢᠷᠭᠤᠭᠠᠨ ᠢᠨᠵᠧᠨᠧᠷᠢᠩ︾ ᠢ ᠬᠦᠨᠵᠡᠬᠡᠢ ᠬᠡᠷᠡᠭᠵᠢᠬᠦᠯᠵᠥ᠂ ᠪᠦᠬᠦ ᠬᠦᠴᠦᠨ ᠢᠶᠠᠷ ᠢᠶᠠᠨ ᠰᠢᠨ᠎ᠡ ᠵᠠᠮ ᠢ ᠨᠡᠭᠡᠭᠡᠨ ᠳᠤᠮᠳᠠ ᠳᠦᠪᠰᠢᠨ ᠳᠤ ᠣᠷᠣᠵᠥ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠮᠵᠢ ᠶᠢᠨ ᠣᠷᠣᠨ ᠢᠶᠠᠨ ᠨᠠᠩ ᠦᠵᠡᠰᠭᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠬᠡᠷᠡᠭᠳᠡᠢ ᠬᠡᠪᠡ᠃    ᠸᠠᠩ ᠯᠢ ᠰᠢᠶᠠ ᠲᠥᠯᠥᠭᠡᠯᠡᠭᠴᠢ᠂ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠢᠯᠡᠳᠭᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠢᠮᠠᠬᠳᠠ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠡᠷᠴᠢ ᠵᠣᠷᠢᠭ ᠢ ᠢᠯᠡᠷᠡᠭᠦᠯᠵᠤ᠂ ᠢᠲᠡᠭᠡᠯ ᠵᠣᠷᠢᠭ ᠢ ᠬᠥᠪᠴᠢᠯᠡᠵᠤ᠂ ᠬᠥᠮᠦᠰ ᠤᠨ ᠰᠡᠳᠭᠢᠯ ᠢ ᠨᠢᠭᠲᠠᠷᠠᠭᠤᠯᠤᠭᠰᠠᠨ ᠰᠠᠶᠢᠨ ᠢᠯᠡᠳᠭᠡᠯ ᠪᠣᠯᠵᠠᠢ᠃ ᠥᠩᠭᠡᠷᠡᠭᠰᠡᠨ ᠨᠢᠭᠡ ᠵᠢᠯ ᠳᠤ ᠮᠠᠨ ᠤ ᠤᠯᠤᠰ ᠤᠨ ᠬᠥᠭᠵᠢᠯᠲᠡ ᠳᠡᠯᠡᠬᠡᠢ ᠶᠢᠨ ᠭᠤᠣᠯ ᠪᠣᠯᠬᠤ ᠠᠵᠤ ᠠᠬᠤᠢ ᠶᠢᠨ ᠴᠣᠭᠴᠠ ᠶᠢᠨ ᠳᠤᠳᠤᠷ᠎ᠠ ︽ᠠᠳᠡᠬᠢ ᠦᠵᠡᠮᠵᠢ ᠡᠳᠠᠪᠠᠰᠢ ᠭᠤᠶᠤ︾ ᠪᠠᠶᠢᠯ᠎ᠠ᠂ ᠡᠨᠡ ᠬᠦ ᠴᠢᠨᠠᠷ ᠰᠠᠶᠢᠲᠠᠢ᠂ ᠬᠤᠪᠢ ᠶᠢᠨ ᠵᠢᠩ ᠭᠦᠢᠴᠡᠳ ᠠᠮᠵᠢᠯᠲᠠ ᠪᠦᠲᠦᠮᠵᠢ ᠶᠢᠨ ᠬᠠᠭᠤᠳᠠᠰᠤ ᠨᠢ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠶᠢᠨ ᠨᠠᠷᠢᠨ ᠪᠤᠳᠤᠯᠢᠶᠠᠨᠲᠠᠢ ᠪᠠᠶᠢᠳᠠᠯ ᠢ ᠡᠵᠡᠮᠳᠡᠬᠦ ᠬᠡᠲᠦ᠋ᠳᠦᠭᠰᠡᠨ ᠤᠶᠤᠨ ᠤᠬᠠᠭᠠᠨ᠂ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠠᠤᠭ᠎ᠠ ᠶᠡᠭᠡ ᠠᠷᠭ᠎ᠠ ᠪᠤᠳᠤᠯᠭ᠎ᠠ ᠶᠢ ᠭᠦᠢᠴᠡᠳ ᠢᠯᠡᠷᠡᠭᠦᠯᠪᠡ᠃ ︽ᠬᠤᠶᠠᠷ ᠢ ᠲᠣᠭᠲᠠᠭᠠᠬᠰᠠᠨ︾ ᠪᠣᠯ ᠮᠠᠨ ᠤ ᠨᠠᠮ ᠤᠨ ᠠᠯᠢᠪᠠ ᠲᠣᠭᠲᠠᠪᠤᠷᠢ ᠦᠭᠡᠢ ᠴᠢᠨᠠᠷ ᠢ ᠠᠷᠭᠠᠴᠠᠭᠠᠬᠤ ᠬᠠᠮᠤᠭ ᠤᠨ ᠶᠡᠭᠡ ᠲᠣᠭᠲᠠᠭᠠᠯᠲᠤ ᠴᠢᠨᠠᠷ᠂ ᠬᠠᠮᠤᠭ ᠤᠨ ᠶᠡᠭᠡ ᠢᠳᠡ ᠬᠦᠴᠦ᠂ ᠬᠠᠮᠤᠭ ᠤᠨ ᠶᠡᠭᠡ ᠪᠠᠲᠤᠯᠠᠭ᠎ᠠ ᠮᠥᠨ ᠭᠡᠳᠡᠭ ᠢ ᠦᠢᠯᠡᠳᠦᠯᠭᠡ ᠳᠠᠬᠢᠨᠲᠠ ᠮᠠᠷᠭᠤᠰᠢ ᠦᠭᠡᠢ ᠭᠡᠷᠡᠴᠢᠯᠡᠭᠰᠡᠨ ᠪᠠᠶᠢᠨ᠎ᠠ᠃ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠠᠬᠢᠭᠤᠯᠬᠤ ᠳᠤ ᠡᠷᠬᠡᠪᠰᠢ ᠨᠠᠮ ᠤᠨ ᠤᠳᠤᠷᠢᠳᠤᠯᠭ᠎ᠠ ᠶᠢ ᠬᠤᠪᠢᠷᠠᠭᠤᠯᠬᠤ ᠦᠭᠡᠢ᠂ ᠨᠠᠮ ᠤᠨ ᠤᠳᠤᠷᠢᠳᠬᠤ ᠭᠤᠣᠯᠯᠠᠭᠴᠢ ᠶᠢ ᠬᠤᠪᠢᠷᠠᠭᠤᠯᠬᠤ ᠦᠭᠡᠢ᠂ ᠨᠠᠮ ᠤᠨ ᠵᠢᠯᠣᠭᠤᠳᠬᠤ ᠦᠵᠡᠯ ᠰᠠᠨᠠᠭ᠎ᠠ ᠶᠢ ᠬᠤᠪᠢᠷᠠᠭᠤᠯᠬᠤ ᠦᠭᠡᠢ ᠪᠠᠶᠢᠬᠤ ᠶᠢ ᠪᠠᠷᠢᠮᠲᠠᠯᠠᠬᠤ ᠬᠡᠷᠡᠭᠲᠡᠢ᠃ ᠥᠪᠥᠷ ᠮᠣᠩᠭᠤᠯ ᠤᠨ ᠠᠵᠢᠯ ᠢ ᠰᠠᠶᠢᠲᠤᠷ ᠬᠢᠬᠦ ᠳᠤ᠂ ᠬᠠᠮᠤᠭ ᠤᠨ ᠴᠢᠬᠤᠯᠠ ᠨᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠢᠭᠡ ᠰᠡᠳᠭᠢᠯ ᠨᠢᠭᠡ ᠵᠣᠷᠢᠭ ᠢᠶᠠᠷ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ︽ᠤᠷᠤᠭᠰᠢᠯᠠᠯᠳᠠ︾ ᠶᠢᠨ ᠪᠦᠷᠢᠶ᠎ᠡ ᠶᠢ ᠬᠠᠩᠭᠢᠨᠠᠭᠤᠯᠤᠨ᠂ ︽ᠪᠣᠳᠠᠲᠠᠶ︾ ᠪᠠᠶᠢᠬᠤ ᠱᠠᠭᠠᠷᠳᠠᠯᠭ᠎ᠠ ᠶᠢ ᠲᠤᠭᠤᠰᠢᠯᠠᠭᠤᠯᠵᠥ᠂ ᠭᠤᠤᠯ ᠪᠣᠯᠬᠤ ᠠᠵᠤ ᠠᠬᠤᠶ ᠶᠢᠨ ᠭᠦᠢᠴᠡᠳᠭᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠪᠥᠬᠦ ᠤᠯᠤᠰ ᠤᠨ ᠳᠡᠷᠢᠬᠦᠨ ᠤ ᠵᠢᠭᠰᠠᠭᠠᠯ ᠳᠤ ᠦᠷᠭᠦᠯᠵᠢᠯᠡᠨ ᠪᠠᠶᠢᠯᠭᠠᠬᠤ ᠪᠠᠷ ᠴᠢᠷᠮᠠᠶᠢᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠬᠡᠷᠡᠭᠵᠢᠭᠦᠯᠦᠭᠴᠢ᠂ ᠪᠠᠷᠢᠨ ᠬᠦᠳᠡᠯᠦᠭᠴᠢ᠂ ᠪᠤᠳᠠᠳᠠᠢ ᠠᠵᠢᠯᠯᠠᠭᠴᠢ ᠪᠣᠯᠬᠤ ᠬᠡᠷᠡᠭᠲᠡᠶ ᠬᠡᠪᠡ᠃   ᠶᠠᠩ ᠵᠧᠨ ᠦ᠋ ᠲᠥᠯᠥᠭᠡᠯᠡᠭᠴᠢ᠂ ᠶᠡᠷᠦᠩᠬᠡᠶ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠨᠢ ᠦᠨᠡᠨ ᠠᠴᠠ ᠵᠥᠪ ᠢ ᠡᠷᠢᠵᠦ᠂ ᠭᠤᠤᠯᠳᠠᠯᠭ᠎ᠠ ᠶᠢ ᠳᠣᠪᠤᠶᠢᠯᠭᠠᠵᠤ᠂ ᠲᠤᠭ᠎ᠠ ᠪᠠᠷᠢᠮᠲᠠ ᠨᠢ ᠨᠠᠷᠢᠯᠢᠭ ᠪᠣᠳᠠᠲᠠᠶ ᠪᠠᠶᠢᠵᠤ᠂ ᠨᠢᠭᠡ ᠵᠢᠯ ᠤᠨ ᠲᠤᠷᠰᠢᠬᠢ ᠠᠵᠢᠯ ᠤᠨ ᠠᠮᠵᠢᠯᠲᠠ ᠶᠢ ᠳ᠋ᠦᠩᠨᠡᠵᠦ᠂ ᠣᠳᠣᠬᠠᠨ ᠳᠤ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠥᠷᠢᠰᠥᠯᠳᠦᠭᠡᠨ ᠪᠣᠯᠤᠨ ᠬᠦᠴᠢᠷ ᠠᠰᠠᠭᠤᠳᠠᠯ ᠢ ᠵᠠᠳᠠᠯᠵᠤ᠂ ᠡᠨᠡ ᠵᠢᠯ ᠤᠨ ᠲᠥᠷᠥ ᠶᠢᠨ ᠪᠣᠳᠣᠯᠭ᠎ᠠ ᠶᠢᠨ ᠬᠠᠨᠳᠤᠰᠢ ᠪᠣᠯᠤᠨ ᠭᠤᠤᠯ ᠡᠭᠦᠷᠭᠡ ᠶᠢ ᠲᠣᠳᠣᠷᠬᠠᠶᠢᠯᠠᠪᠠ᠂ ᠡᠨᠡ ᠪᠣᠯ ᠢᠲᠡᠭᠡᠯ ᠵᠣᠷᠢᠭ ᠢ ᠬᠥᠪᠴᠢᠯᠡᠵᠤ᠂ ᠲᠥᠷᠥ ᠶᠢᠨ ᠪᠣᠳᠣᠯᠭ᠎ᠠ ᠶᠢ ᠨᠠᠷᠢᠯᠢᠭ ᠤᠨᠤᠪᠴᠢᠲᠠᠢ ᠬᠡᠷᠡᠭᠵᠢᠭᠦᠯᠵᠤ᠂ ᠢᠷᠡᠭᠡᠳᠦᠶ ᠶᠢ ᠪᠡᠯᠭᠡᠳᠡᠭᠰᠡᠨ ᠰᠠᠶᠢᠨ ᠢᠯᠡᠳᠭᠡᠯ ᠮᠦᠨ᠃ ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠴᠢᠬᠤᠯᠠ ᠵᠢᠯ ᠪᠣᠯᠤᠨ᠎ᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠭᠠᠳᠠᠭᠠᠳᠤ ᠤᠷᠴᠢᠨ ᠤ ᠳᠠᠷᠤᠯᠲᠠ ᠶᠢ ᠲᠤᠯᠵᠤ᠂ ᠳᠣᠲᠣᠭᠠᠳᠤ ᠶᠢᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠵᠢᠯ ᠤᠨ ᠯᠠᠪᠳᠠᠭᠤᠨ ᠪᠠᠲᠤᠲᠠᠢ ᠠᠯᠬᠤᠮ ᠶᠠᠪᠤᠬᠤ ᠶᠢ ᠠᠬᠢᠭᠤᠯᠵᠤ᠂ ᠠᠵᠤ ᠠᠬᠤᠢ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠵᠡᠷᠭᠡ ᠡᠯ᠎ᠡ ᠵᠦᠢᠯ ᠤᠨ ᠠᠵᠢᠯ ᠦᠢᠯᠡᠰ ᠠᠯᠢ ᠤᠯᠠᠨ ᠰᠢᠨ᠎ᠡ ᠴᠢᠬᠤᠯᠠ ᠶᠡᠭᠡ ᠠᠬᠢᠴᠠ ᠲᠠᠢ ᠪᠣᠯᠵᠠᠢ᠃ ᠡᠳᠡᠭᠡᠷ ᠴᠢᠨᠠᠷ ᠰᠠᠶᠢᠲᠠᠢ ᠬᠥᠭᠵᠢᠯᠲᠡ ᠶᠢᠨ ᠠᠮᠵᠢᠯᠲᠠ ᠪᠦᠲᠦᠮᠵᠢ ᠶᠢ ᠣᠯᠤᠭᠰᠠᠨ ᠤ ᠦᠨᠳᠦᠰᠦᠨ ᠰᠢᠯᠳᠠᠭᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠠᠶᠠᠯᠠᠯ ᠢ ᠵᠢᠯᠤᠭᠤᠳᠤᠨ ᠵᠠᠯᠠᠭᠤᠷ ᠢ ᠡᠵᠡᠮᠳᠡᠭᠰᠡᠨ ᠳᠤ ᠪᠠᠶᠢᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠠᠶᠢᠨ᠎ᠠ ᠭᠡᠵᠠᠢ᠃   ᠶᠠᠩ ᠶᠢᠨ᠂ ᠬᠤ᠋ ᠬᠠᠢ ᠵᠢᠦᠸᠠᠨ᠂ ᠸᠠᠩ ᡁᠢ ᠫᠢᠩ᠂ ᠵᠢᠦᠢ ᠱᠤ ᠸᠤᠨ᠂ ᠶᠢᠨ ᡁᠢ ᠵᠢᠶᠦ᠋ᠨ᠂ ᠭᠦᠸᠧ ᠢᠦᠶ ᠹᠧᠩ᠂ ᠶᠠᠨ ᠬᠤᠩ ᠭᠤᠸᠠᠩ᠂ ᠵᠠᠩ ᠷᠦᠢ᠂ ᠯᠦ ᠬᠤᠩ ᠪᠥᠸᠧ᠂ ᠭᠦᠸᠧ ᠳ᠋ᠡ ᠶᠦᠩ᠂ ᠸᠠᠩ ᠵᠧᠨ ᠵᠡᠷᠭᠡ ᠲᠥᠯᠥᠭᠡᠯᠡᠭᠴᠢ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠦᠭᠡ ᠬᠡᠯᠡᠵᠤ᠂ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠵᠤ᠂ ᠣᠯᠠᠨ ᠢᠶᠠᠷ ᠢᠶᠠᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠪᠦᠷᠢᠮᠦᠰᠦᠨ ᠵᠥᠪᠰᠢᠶᠡᠷᠡᠨ᠎ᠡ ᠭᠡᠵᠦ ᠰᠠᠨᠠᠯ ᠨᠢᠭᠡᠲᠡᠶ ᠢᠯᠡᠳᠭᠡᠵᠡᠭᠡᠭᠰᠡᠨ ᠪᠦᠭᠡᠳ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠳᠤᠯᠠᠭᠠᠯᠠᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠳᠤᠷ ᠬᠡᠷᠡᠭᠵᠢᠭᠦᠯᠬᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠵᠢᠭᠰᠠᠭᠠᠯ ᠤᠨ ᠭᠠᠵᠠᠷ ᠢ ᠰᠠᠶᠢᠲᠤᠷ ᠰᠠᠬᠢᠬᠤ᠂ ︽ᠤᠮᠠᠷᠠᠲᠤ ᠶᠢᠨ ᠭᠤᠷᠪᠠᠨ ᠤᠷᠤᠨ︾ ᠤ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠪᠦᠬᠦ ᠤᠯᠤᠰ ᠢᠶᠠᠷ ᠢᠶᠠᠨ ᠨᠢᠭᠡ ᠬᠥᠯᠭᠡ ᠰᠢᠳᠠᠷ᠎ᠠ ᠮᠡᠳᠦ ᠪᠠᠶᠢᠵᠤ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠰᠢᠰᠲ᠋ᠧᠮ ᠤᠨ ᠲᠣᠭᠠᠴᠢᠯᠠᠯᠳᠠ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠡᠷᠭᠡ ᠲᠠᠯ᠎ᠠ ᠶᠢᠨ ᠲᠤᠭᠤᠷᠢᠨ ᠳᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠰᠠᠨᠠᠯ ᠰᠠᠨᠠᠭᠤᠯᠭ᠎ᠠ ᠪᠠᠨ ᠶᠠᠷᠢᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号