ᠾᠧ ᠯᠢ ᠹᠧᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ
ᠨᠡᠶᠢᠲᠡᠯᠡᠭᠰᠡᠨ ᠴᠠᠭ᠄
2024/3/6
   3 ᠰᠠᠷ᠎ᠠ ᠶᠢᠨ 5 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ ᠯᠢ ᠹᠤᠩ ᠲᠡᠭᠦᠨ ᠤ ᠪᠠᠶᠢᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃   ᠾᠧ ᠯᠢ ᠹᠤᠩ ᠬᠢᠨᠠᠨ ᠵᠥᠪᠯᠡᠬᠦ ᠳᠡᠭᠡᠨ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠪᠦᠷᠢᠮᠦᠰᠦᠨ ᠵᠥᠪᠰᠢᠶᠡᠷᠡᠵᠤ ᠪᠠᠶᠢᠨ᠎ᠠ᠃ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠶ᠊ ᠡᠶ᠎ᠡ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠵᠣᠷᠢᠭᠲᠠᠢ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠴᠢᠬᠤᠯᠠ ᠬᠦᠴᠦᠯᠡᠬᠦ ᠴᠡᠭ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠥᠪᠥᠷ ᠮᠣᠩᠭᠤᠯ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠲᠤᠬᠠᠶ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠪᠠᠷ ᠬᠥᠭᠵᠢᠭᠦᠯᠬᠦ ᠶᠢ ᠪᠠᠷᠢᠮᠲᠠᠯᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠪᠥᠲᠥᠭᠡᠨ ᠪᠠᠶᠢᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号