ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠵᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠳᠤᠬᠠᠢ ᠮᠡᠳᠡᠭᠦᠯᠦᠯᠲᠡ ᠶᠢ ᠬᠢᠨᠠᠨ ᠵᠥᠪᠯᠡᠵᠠᠢ
ᠨᠡᠶᠢᠲᠡᠯᠡᠭᠰᠡᠨ ᠴᠠᠭ᠄
2024/3/6
   ᠵᠠᠩ ᠶᠠᠨ ᠺᠦᠨ ᠣᠷᠣᠯᠴᠠᠪᠠ   3 ᠰᠠᠷ᠎ᠠ ᠶᠢᠨ 5 ᠤ ᠦᠳᠡ ᠶᠢᠨ ᠬᠤᠶᠢᠨ᠎ᠠ᠂ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠥᠪᠡᠷ ᠥᠪᠡᠷᠰᠡᠳ ᠤᠨ ᠪᠠᠶᠢᠭ᠎ᠠ ᠡᠲᠡᠭᠡᠳ ᠢᠯᠭᠠᠯ ᠤᠨ ᠳᠤᠭᠤᠶᠢᠯᠠᠩ ᠳᠠᠭᠠᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠳᠤᠬᠠᠢ ᠮᠡᠳᠡᠭᠦᠯᠦᠯᠲᠡ ᠶᠢ ᠬᠢᠨᠠᠨ ᠵᠥᠪᠯᠡᠪᠡ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠢᠨᠠᠨ ᠵᠥᠪᠯᠡᠬᠦ ᠳᠤ ᠣᠷᠣᠯᠴᠠᠭᠰᠠᠨ ᠪᠥᠭᠡᠳ ᠦᠭᠡ ᠬᠡᠯᠡᠵᠡᠢ᠃   ᠵᠠᠩ ᠶᠠᠨ ᠺᠦᠨ ᠦᠬᠡ ᠬᠡᠯᠡᠬᠦ ᠳᠡᠭᠡᠨ᠂ ᠲᠡᠷᠢᠭᠦᠯᠡᠭᠴᠢ ᠸᠠᠩ ᠬᠤ᠋ ᠨᠢᠩ ᠤᠨ ᠬᠢᠭᠰᠡᠨ ᠮᠡᠳᠡᠬᠦᠯᠦᠯᠳᠡ ᠨᠢ ᠥᠩᠭᠡᠷᠡᠭᠰᠡᠨ ᠨᠢᠭᠡ ᠵᠢᠯ ᠤᠨ ᠠᠵᠢᠯ ᠢ ᠳ᠋ᠦᠩᠨᠡᠬᠦ ᠳᠡᠭᠡᠨ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠪᠤᠰᠤᠳᠴᠢ ᠪᠦᠬᠡᠳ ᠪᠦᠬᠦ ᠲᠠᠯ᠎ᠠ ᠶᠢᠨ ᠪᠠᠶᠢᠵᠤ᠂ ᠡᠨᠡ ᠵᠢᠯ ᠤᠨ ᠠᠵᠢᠯ ᠢ ᠪᠠᠶᠢᠷᠢᠯᠠᠭᠤᠯᠬᠤ ᠳᠠᠭᠠᠨ ᠬᠠᠷᠠᠯᠲᠠ ᠲᠣᠳᠣᠷᠬᠠᠢ᠂ ᠭᠤᠣᠯᠳᠠᠯᠭ᠎ᠠ ᠲᠤᠪᠤᠶᠢᠮ᠎ᠠ ᠪᠠᠶᠢᠵᠤ᠂ ᠲᠤᠭ ᠢ ᠥᠨᠳᠥᠷ ᠮᠠᠨᠳᠤᠭᠤᠯᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠤ᠂ ᠬᠥᠮᠦᠰ ᠤᠨ ᠰᠡᠳᠭᠢᠯ ᠢ ᠨᠢᠭᠲᠠᠷᠠᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠤ᠂ ᠬᠥᠮᠦᠰ ᠢ ᠤᠷᠮᠠᠰᠢᠭᠤᠯᠤᠨ ᠵᠣᠷᠢᠭᠵᠢᠭᠤᠯᠤᠭᠰᠠᠨ ᠰᠠᠶᠢᠨ ᠮᠡᠳᠡᠬᠦᠯᠦᠯᠳᠡ ᠪᠣᠯᠵᠠᠢ ᠬᠡᠪᠡ᠃   ᠵᠠᠩ ᠶᠠᠨ ᠺᠦᠨ᠂ ᠥᠩᠭᠡᠷᠡᠭᠰᠡᠨ ᠨᠢᠭᠡ ᠵᠢᠯ ᠳᠤ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤᠯᠤᠰ ᠲᠥᠷᠥ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠨᠠᠮ ᠪᠣᠯᠤᠨ ᠤᠯᠤᠰ ᠤᠨ ᠭᠤᠤᠯ ᠠᠵᠢᠯ ᠪᠠ ᠶᠡᠭᠡ ᠲᠠᠯ᠎ᠠ ᠳᠤ ᠦᠢᠯᠡᠴᠢᠯᠡᠬᠦ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶᠢᠯᠭ᠎ᠠ ᠶᠢ ᠭᠦᠢᠴᠡᠳ ᠢᠯᠡᠷᠡᠭᠦᠯᠵᠦ᠂ ᠨᠢᠭᠡᠳᠦᠮᠡᠯ ᠹᠷᠣᠨᠲ ᠤᠨ ᠦᠢᠯᠡᠳᠦᠯ ᠴᠢᠳᠠᠮᠵᠢ ᠶᠢᠨ ᠠᠮᠢᠳᠤᠯᠢᠭ ᠦᠢᠯᠡᠳᠦᠯᠭᠡ ᠶᠢ ᠨᠠᠩ ᠳᠣᠪᠤᠶᠢᠯᠭᠠᠵᠤ᠂ ᠪᠠᠶᠢᠭᠤᠯᠤᠯ ᠲᠣᠭᠲᠠᠴᠠ ᠶᠢᠨ ᠬᠦᠴᠦᠷᠬᠡᠭ ᠶᠡᠭᠡ ᠦᠷ᠎ᠡ ᠠᠰᠢᠭ ᠢ ᠬᠦᠴᠦᠲᠡᠶ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠢᠯᠡᠴᠢᠯᠡᠬᠦ ︽ᠤᠯᠤᠰ ᠲᠥᠷᠥ ᠶᠢᠨ ᠵᠥᠪᠯᠡᠯᠭᠡᠨ ᠤ ᠬᠠᠷᠢᠭᠤᠯᠳᠠ ᠶᠢᠨ ᠬᠠᠭᠤᠳᠠᠰᠤ︾ ᠶᠢ ᠲᠤᠰᠢᠶᠠᠵᠤ᠂ ᠣᠷᠣᠨ ᠨᠤᠲᠤᠭ ᠤᠨ ᠤᠯᠤᠰ ᠲᠥᠷᠥ ᠶᠢᠨ ᠵᠥᠪᠯᠡᠯᠭᠡᠨ ᠳᠤ ᠬᠡᠪ ᠲᠦᠷᠢᠮ ᠪᠤᠯᠵᠥ᠂ ᠥᠯᠢᠭᠡᠷ ᠳᠠᠭᠤᠷᠢᠶᠠᠯ ᠦᠵᠡᠭᠦᠯᠪᠡ︔ ᠡᠨᠡ ᠵᠢᠯ ᠤᠨ ᠠᠵᠢᠯ ᠤᠨ ᠲᠤᠬᠢᠷᠠᠭᠤᠯᠤᠯᠳᠠ ᠳᠤ᠂ ︽ᠭᠤᠷᠪᠠᠨ ᠶᠡᠭᠡ ᠡᠭᠦᠷᠭᠡ ᠲᠤᠰᠢᠶᠠᠯ ᠢᠶᠠᠨ ᠭᠦᠢᠴᠡᠳᠭᠡᠬᠦ ᠲᠥᠯᠥᠪᠯᠡᠭᠡ︾ ᠶᠢ ᠨᠢᠭᠡ ᠴᠤᠬᠴᠠᠵᠢᠭᠤᠯᠤᠨ ᠲᠥᠯᠥᠪᠵᠢᠭᠦᠯᠵᠦ᠂ ᠨᠢᠭᠡ ᠴᠤᠬᠴᠠᠵᠢᠭᠤᠯᠤᠨ ᠠᠬᠢᠭᠤᠯᠵᠤ᠂ ᠨᠢᠭᠡ ᠴᠤᠬᠴᠠᠵᠢᠭᠤᠯᠤᠨ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠴᠢᠬᠤᠯᠠ ᠵᠢᠯᠤᠭᠤᠳᠤᠮᠵᠢ ᠬᠠᠩᠭᠠᠵᠠᠢ ᠬᠡᠪᠡ᠃   ᠭᠡᠰᠢᠭᠦᠳ ᠦᠬᠡ ᠬᠡᠯᠡᠬᠦ ᠳᠡᠭᠡᠨ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠬᠦᠯᠦᠯᠳᠡ ᠪᠣᠯᠤᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠳᠤᠬᠠᠢ ᠮᠡᠳᠡᠭᠦᠯᠦᠯᠲᠡ ᠨᠢ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠡᠬᠢᠯᠡᠯᠲᠡ ᠶᠢᠨ ᠵᠢᠯ ᠤᠨ ᠰᠢᠨ᠎ᠡ ᠦᠷ᠎ᠡ ᠪᠦᠲᠦᠮᠵᠢ ᠶᠢ ᠭᠦᠢᠴᠡᠳ ᠢᠯᠡᠷᠡᠭᠦᠯᠵᠥ᠂ ᠡᠨᠡ ᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠠᠵᠢᠯ ᠤᠨ ᠴᠢᠭᠯᠡᠯ ᠪᠠ ᠭᠤᠤᠯᠳᠠᠯᠭ᠎ᠠ ᠶᠢ ᠲᠣᠳᠣᠷᠬᠠᠶᠢᠯᠠᠪᠠ᠂ ᠥᠪᠥᠷ ᠮᠣᠩᠭᠤᠯ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠯᠠᠪᠳᠠᠢ ᠬᠤᠶᠠᠷ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠣᠶᠢᠯᠠᠭᠠᠵᠤ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠤᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠥ᠂ ᠡᠭᠦᠷᠭᠡ ᠲᠤᠰᠢᠶᠠᠯ ᠢᠶᠠᠨ ᠭᠦᠢᠴᠡᠳᠭᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠥ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ᠂ ᠤᠯᠤᠰ ᠢᠶᠠᠨ ᠬᠦᠴᠦᠷᠬᠡᠭᠵᠢᠬᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠤᠨ᠎ᠡ ᠬᠡᠵᠥ ᠢᠯᠡᠳᠬᠡᠵᠡᠬᠡᠪᠡ᠃   ᠮᠠᠨ ᠤ ᠤᠷᠤᠨ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠦᠦᠳᠠᠭᠤᠯᠠ᠂ ᠪᠠᠶ ᠴᠢᠩ ᠶᠤᠸᠠᠨ᠂ ᠠᠨ ᠷᠦᠨ ᠱᠧᠩ᠂ ᠰᠦᠨ ᠵᠢᠶᠦ᠋ᠨ ᠴᠢᠩ ᠲᠣᠰ ᠲᠣᠰ ᠥᠪᠡᠷ ᠥᠪᠡᠷᠰᠡᠳ ᠤᠨ ᠪᠠᠶᠢᠭ᠎ᠠ ᠳᠤᠭᠤᠶᠢᠯᠠᠩ ᠤᠨ ᠬᠢᠨᠠᠨ ᠵᠥᠪᠯᠡᠬᠦ ᠳᠤ ᠣᠷᠣᠯᠴᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号