ᠵᠤᠤ ᠯᠧ ᠵᠢᠢ ᠰᠸᠠᠴᠤᠸᠠᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠪᠣᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠤᠴᠤᠸᠠᠨ ᠤ ᠦᠢᠯᠡᠳᠦᠯᠭᠡ ᠢᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/3/6
   ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠣᠣ ᠯᠧ ᠵᠢᠶ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠰᠸᠠᠴᠤᠸᠠᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠪᠠ᠃ ᠸᠠᠩ ᠶᠦᠩ ᠯᠠᠨ᠂ ᠭᠸᠤ ᠰᠢᠩ ᠯᠦᠩ᠂ ᠸᠤᠨ ᠱᠤᠤ ᠮᠦ ᠵᠡᠷᠭᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠪᠡ᠃ ᠵᠤᠤ ᠯᠧ ᠵᠢᠢ ᠳᠡᠳᠡᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠲᠥᠯᠥᠭᠡᠯᠡᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠵᠤᠤ ᠯᠧ ᠵᠢᠢ᠂ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠮᠵᠢᠯᠲᠠ ᠪᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠬᠠᠷᠠᠯᠲᠠ ᠶᠢ ᠲᠣᠭᠲᠠᠭᠠᠭᠰᠠᠨ ᠨᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ᠂ ᠳᠤᠷᠠᠳᠤᠭᠰᠠᠨ ᠠᠷᠭ᠎ᠠ ᠬᠡᠮᠵᠢᠶ᠎ᠠ ᠨᠢ ᠦᠨᠡᠨ ᠬᠦ ᠬᠡᠷᠡᠭᠵᠢᠭᠦᠯᠦᠭᠦᠰᠢᠲᠡᠢ ᠪᠠᠶᠢᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠵᠠᠮ ᠨᠡᠭᠡᠭᠡᠨ ᠤᠷᠤᠭᠰᠢᠯᠠᠭᠰᠠᠨ᠂ ᠪᠦᠯᠬᠦᠮᠳᠡᠨ ᠡᠷᠴᠢ ᠵᠣᠷᠢᠭ ᠢ ᠬᠥᠪᠴᠢᠯᠡᠭᠰᠡᠨ ᠰᠠᠶᠢᠨ ᠢᠯᠡᠳᠭᠡᠯ ᠪᠣᠯᠵᠠᠢ ᠭᠡᠪᠡ᠃   ᠵᠤᠤ ᠯᠧ ᠵᠢᠢ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠭᠰᠠᠨ ᠡᠬᠢᠯᠡᠯᠲᠡ ᠶᠢᠨ ᠵᠢᠯ ᠪᠣᠯᠤᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ᠂ ᠦᠷᠭᠦᠯᠵᠢᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠨ ᠪᠦᠷᠢᠯᠳᠦᠭᠦᠯᠵᠦ᠂ ᠠᠷᠠᠳ ᠲᠦᠮᠡᠨ ᠠᠮᠤᠷ ᠲᠤᠭᠳᠠᠭᠤᠨ ᠢᠶᠠᠷ ᠠᠵᠤ ᠲᠦᠷᠦᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠡᠳᠡᠭᠡᠷ ᠠᠮᠵᠢᠯᠲᠠ ᠪᠦᠲᠦᠮᠵᠢ ᠶᠢ ᠬᠢᠯᠪᠠᠷ ᠪᠤᠰᠤ ᠪᠠᠷ ᠣᠯᠵᠤ᠂ ᠲᠦᠢᠯ ᠤᠨ ᠡᠷᠬᠢᠮ ᠨᠠᠨᠳᠢᠨ ᠶᠤᠮ᠃ ᠡᠭᠡᠳᠡᠷᠡᠭᠡᠨ ᠪᠤᠳᠤᠯᠢᠶᠠᠨᠲᠠᠢ ᠪᠠᠶᠢᠳᠠᠯ ᠳᠣᠣᠷ᠎ᠠ᠂ ᠶᠡᠷᠦᠩᠬᠡᠢ ᠱᠦᠵᠢ ᠰᠢ ᠶᠢᠨ ᠫᠢᠩ ᠪᠢᠳᠡᠨ ᠢ ᠳᠠᠭᠠᠭᠤᠯᠤᠨ ᠭᠠᠳᠠᠭᠠᠳᠤ ᠤᠷᠴᠢᠨ ᠤ ᠳᠠᠷᠤᠯᠲᠠ ᠶᠢ ᠳᠠᠭᠠᠭᠠᠵᠤ᠂ ᠳᠣᠲᠣᠭᠠᠳᠤ ᠶᠢᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠯᠢ ᠤᠯᠠᠨ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠭᠰᠠᠨ ᠨᠢ ᠲᠡᠷᠡ ᠶᠤᠰᠤᠭᠠᠷ ᠢᠶᠠᠨ ᠮᠠᠰᠢ ᠶᠡᠭᠡ ᠠᠮᠵᠢᠯᠲᠠ ᠮᠦᠨ᠃ ᠪᠢᠳᠡ ᠠᠶᠤᠯ ᠲᠦᠭᠰᠢᠭᠦᠷᠢ ᠶᠢ ᠠᠷᠢᠯᠭᠠᠬᠤ᠂ ᠪᠡᠷᠬᠡ ᠪᠣᠭᠤᠮᠲᠠ ᠶᠢ ᠰᠢᠪᠲᠤᠯᠬᠤ᠂ ᠬᠤᠪᠢᠷᠠᠯᠲᠠ ᠶᠢ ᠠᠷᠭᠠᠴᠠᠭᠠᠬᠤ ᠳᠤᠮᠳᠠ ᠡᠷᠳᠡᠮ ᠴᠢᠳᠠᠪᠤᠷᠢ ᠪᠠᠨ ᠳᠡᠭᠡᠭᠰᠢᠯᠡᠭᠦᠯᠵᠦ᠂ ᠳᠦᠷᠢᠮ ᠲᠣᠭᠲᠠᠴᠠ ᠪᠠᠨ ᠪᠦᠷᠢᠨᠰᠢᠭᠦᠯᠵᠦ᠂ ᠢᠲᠡᠭᠡᠯ ᠵᠣᠷᠢᠭ ᠢᠶᠠᠨ ᠨᠡᠮᠡᠭᠳᠡᠭᠦᠯᠪᠡ᠃ ᠦᠢᠯᠡᠳᠦᠯᠭᠡ ᠳᠠᠬᠢᠨᠳᠠ ᠭᠡᠷᠡᠴᠢᠯᠡᠭᠰᠡᠨ ᠨᠢ᠂ ︽ᠬᠤᠶᠠᠷ ᠢ ᠲᠣᠭᠲᠠᠭᠠᠭᠰᠠᠨ︾ ᠪᠣᠯ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ᠂ ᠠᠯᠢᠪᠠ ᠲᠤᠭᠳᠠᠭᠠᠯᠳᠤ ᠪᠤᠰᠤ ᠴᠢᠨᠠᠷ ᠢ ᠠᠷᠭᠠᠴᠠᠭᠠᠬᠤ ᠬᠠᠮᠤᠭ ᠤᠨ ᠶᠡᠭᠡ ᠲᠣᠭᠲᠠᠭᠠᠯᠲᠤ ᠴᠢᠨᠠᠷ ᠮᠥᠨ᠂ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠦᠨᠳᠦᠰᠦᠨ ᠪᠠᠲᠤᠯᠠᠭ᠎ᠠ ᠮᠥᠨ᠃ ᠨᠡᠩ ᠰᠠᠨᠠᠭᠠᠴᠢᠯᠠᠭ᠎ᠠ ᠠᠴᠠ ᠪᠠᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠵᠠᠢ᠃   ᠵᠤᠤ ᠯᠧ ᠵᠢᠢ ᠰᠸᠠᠴᠤᠸᠠᠨ ᠤ ᠥᠩᠭᠡᠷᠡᠭᠰᠡᠨ ᠨᠢᠭᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ᠂ ᠰᠤᠴᠤᠸᠠᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠤᠴᠤᠸᠠᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠪᠣᠯᠤᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ 10 ᠲᠠᠯ᠎ᠠ ᠶᠢᠨ ᠪᠠᠶᠢᠷᠢᠯᠠᠭᠤᠯᠤᠯᠲᠠ ᠲᠤᠬᠢᠷᠠᠭᠤᠯᠤᠯᠳᠠ ᠶᠣᠰᠣᠭᠠᠷ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠳᠤ ᠰᠠᠭᠤᠷᠢᠯᠠᠨ᠂ ᠨᠠᠶᠢᠳᠠᠪᠤᠷᠢᠵᠢᠭᠤᠯᠤᠯᠲᠠ ᠶᠢ ᠪᠦᠲᠦᠭᠡᠯᠴᠢ ᠴᠢᠨᠠᠷᠳᠠᠢ ᠪᠠᠷ ᠰᠠᠶᠢᠲᠤᠷ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠰᠤᠴᠤᠸᠠᠨ ᠤ ᠦᠢᠯᠡᠳᠦᠯᠭᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠳᠠᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠪᠤᠢ ᠪᠣᠯᠭᠠᠵᠤ᠂ ᠪᠠᠷᠠᠭᠤᠨ ᠣᠷᠣᠨ ᠤ ᠰᠢᠨ᠎ᠡ ᠶᠢ ᠡᠭᠦᠳᠬᠦ ᠥᠨᠳᠦᠷᠯᠢᠭ ᠢ ᠪᠠᠶᠢᠭᠤᠯᠬᠤ ᠬᠡᠷᠡᠭᠲᠡᠢ᠃ ᠤᠯᠤᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠨᠡᠩ ᠰᠠᠶᠢᠲᠤᠷ ᠦᠢᠯᠡᠴᠢᠯᠡᠬᠦ ᠪᠠ ᠠᠭᠤᠰᠤᠯᠴᠠᠵᠤ᠂ ᠪᠠᠷᠠᠭᠤᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠴᠢᠬᠤᠯᠠ ᠨᠡᠮᠡᠭᠳᠡᠯ ᠤᠨ ᠲᠦᠢᠯ ᠪᠣᠯᠤᠨ ᠰᠢᠨ᠎ᠡ ᠬᠥᠳᠡᠯᠭᠡᠬᠦ ᠬᠦᠴᠦᠨ ᠤ ᠡᠬᠢ ᠰᠤᠷᠪᠤᠯᠵᠢ ᠪᠣᠯᠬᠤ ᠬᠡᠷᠡᠭᠲᠡᠢ᠃ ᠠᠷᠠᠳ ᠲᠦᠮᠡᠨ ᠳᠤ ᠪᠤᠶᠠᠨ ᠦᠢᠯᠡᠳᠬᠦ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠬᠦᠭᠵᠢᠯᠳᠡ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠡᠷᠡᠭᠳᠠᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠬᠤᠰᠢᠭᠤᠴᠢ ᠣᠷᠣᠨ ᠢ ᠲᠦᠷᠭᠡᠳᠭᠡᠨ ᠪᠦᠲᠦᠭᠡᠨ ᠪᠠᠶᠢᠭᠤᠯᠬᠤ ᠬᠡᠷᠡᠭᠳᠠᠢ᠃ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠬᠦᠰᠡᠪᠡ᠃   ᠵᠤᠤ ᠯᠧ ᠵᠢᠢ᠂ ᠡᠨᠡ ᠵᠢᠯ ᠪᠣᠯ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠪᠣᠯᠤᠨ᠎ᠠ᠃ ᠰᠸᠠᠴᠤᠸᠠᠨ ᠮᠤᠵᠢ ᠶᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠨᠠᠷ ᠰᠠᠶᠢᠲᠠᠢ ᠰᠠᠶᠢᠲᠤᠷ ᠬᠢᠵᠦ᠂ ᠰᠸᠠᠴᠤᠸᠠᠨ ᠢ ᠵᠠᠰᠠᠵᠤ ᠰᠤᠴᠤᠸᠠᠨ ᠢ ᠮᠠᠨᠳᠤᠭᠤᠯᠬᠤ ᠲᠠᠯ᠎ᠠ ᠪᠠᠷ ᠲᠠᠬᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号