ᠯᠢ ᠰᠢ ᠹᠦᠵᠢᠶᠠᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠶᠢᠷᠡᠬᠦᠯᠦᠨ ᠠᠬᠢᠭᠤᠯᠵᠤ ᠤᠯᠤᠰ ᠢᠶᠠᠨ ᠬᠦᠴᠦᠷᠬᠡᠭᠵᠢᠭᠦᠯᠬᠦ ᠪᠦᠳᠦᠬᠡᠨ ᠪᠠᠶᠢᠭᠤᠯᠤᠯᠳᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ
ᠨᠡᠶᠢᠲᠡᠯᠡᠭᠰᠡᠨ ᠴᠠᠭ᠄
2024/3/6
   ᠨᠠᠮ ᠤᠨ ᠲᠥᠪ ᠬᠤᠷᠢᠶ᠎ᠠ ᠶᠢᠨ ᠤᠯᠣᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ ᠯᠢ ᠰᠢ 5 ᠤ ᠦᠳᠡ ᠶᠢᠨ ᠬᠤᠶᠢᠨ᠎ᠠ ᠳᠡᠬᠦᠨ ᠤ ᠪᠠᠶᠢᠭ᠎ᠠ ᠹᠦᠵᠢᠶᠠᠨ ᠤ ᠲᠥᠯᠥᠭᠡᠯᠡᠭᠴᠢᠳ ᠤᠨ ᠪᠦᠯᠬᠦᠮ ᠳᠤ ᠢᠷᠡᠵᠦ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ ᠵᠦᠪᠯᠡᠪᠡ᠃ ᠬᠤᠷᠠᠯ ᠤᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨᠳᠡᠢ ᠪᠠᠶᠢᠵᠥ᠂ ᠰᠢᠤᠢ ᠭᠤᠸᠠᠩ ᠶᠤᠸᠠᠨ᠂ ᠼᠠᠢ ᠵᠠᠨ ᠱᠧᠩ᠂ ᠸᠠᠩ ᠶᠦᠩ ᠴᠧᠩ ᠵᠡᠷᠭᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠯᠢ ᠰᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠨ ᠶᠠᠷᠢᠯᠴᠠᠪᠠ᠃   ᠲᠥᠯᠥᠭᠡᠯᠡᠭᠴᠢᠳ ᠤᠨ ᠬᠡᠯᠡᠭᠰᠡᠨ ᠦᠬᠡ ᠶᠢ ᠰᠣᠨᠣᠰᠤᠭᠰᠠᠨ ᠤ ᠳᠠᠷᠠᠭ᠎ᠠ ᠯᠢ ᠰᠢ᠂ ᠶᠡᠷᠦᠩᠬᠡᠶ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠥᠩᠭᠡᠷᠡᠭᠰᠡᠨ ᠨᠢᠭᠡ ᠵᠢᠯ ᠳᠤ᠂ ᠶᠡᠷᠦ ᠪᠤᠰᠤ ᠶᠢᠨ ᠨᠠᠷᠢᠨ ᠪᠤᠳᠤᠯᠢᠶᠠᠨᠲᠠᠢ ᠳᠡᠯᠡᠬᠡᠢ ᠶᠢᠨ ᠣᠷᠴᠢᠨ ᠪᠣᠯᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠡᠯᠬᠡᠭᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠤᠯᠠᠨ ᠵᠦᠢᠯ ᠤᠨ ᠬᠦᠴᠢᠷ ᠪᠡᠷᠬᠡᠰᠢᠶᠡᠯ ᠥᠷᠢᠰᠥᠯᠳᠦᠭᠡᠨ ᠢ ᠢᠯᠠᠨ ᠳᠠᠪᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠪᠥᠮᠪᠥᠷᠴᠡᠭ ᠢ ᠪᠠᠷᠠᠯᠠᠬᠤᠶ᠎ᠠ ᠮᠥᠨ ᠯᠡ ︽ᠠᠳᠡᠬᠢ ᠦᠵᠡᠮᠵᠢ ᠡᠳᠠᠪᠠᠰᠢ ᠭᠤᠶᠤ︾ ᠪᠤᠯᠪᠠ᠃ ᠲᠦᠢᠯ ᠤᠨ ᠬᠢᠯᠪᠠᠷ ᠪᠤᠰᠤ ᠪᠠᠷ ᠤᠯᠤᠬᠰᠠᠨ ᠠᠮᠵᠢᠯᠲᠠ ᠨᠢ ᠬᠦᠮᠦᠰ ᠢ ᠳᠦᠢᠯ ᠢᠶᠠᠷ ᠤᠷᠮᠠᠰᠢᠭᠤᠯᠤᠨ ᠵᠤᠷᠢᠬᠵᠢᠭᠤᠯᠵᠥ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠤᠬᠠᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠨᠢ ᠪᠦᠷᠢᠮᠦᠰᠦᠨ ᠵᠥᠪ ᠪᠣᠯᠬᠤ ᠶᠢ ᠭᠦᠢᠴᠡᠳ ᠭᠡᠷᠡᠴᠢᠯᠡᠵᠦ᠂ ︽ᠬᠤᠶᠠᠷ ᠢ ᠲᠣᠭᠲᠠᠭᠠᠬᠰᠠᠨ︾᠂ ︽ᠬᠤᠶᠠᠷ ᠢ ᠬᠠᠮᠠᠭᠠᠯᠠᠬᠤ︾ ᠦᠢᠯᠡᠳᠦᠯᠭᠡ ᠶᠢᠨ ᠠᠤᠭ᠎ᠠ ᠬᠦᠴᠦᠨ ᠢ ᠭᠦᠢᠴᠡᠳ ᠢᠯᠡᠷᠡᠭᠦᠯᠪᠡ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠭᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠵᠠᠮ ᠨᠡᠭᠡᠭᠡᠨ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠪᠡ᠃   ᠯᠢ ᠰᠢ᠂ ᠡᠨᠡ ᠵᠢᠯ ᠪᠣᠯ ᠶᠡᠷᠦᠩᠬᠡᠢ ᠱᠦᠵᠢ ᠰᠢ ᠶᠢᠨ ᠫᠢᠩ ᠤᠨ ︽ᠲᠣᠭᠲᠠᠴᠠ ᠠᠮᠢᠳᠤᠯᠢᠭ᠂ ᠠᠵᠤ ᠦᠢᠯᠡᠰ ᠰᠢᠯᠢᠳᠡᠭ᠂ ᠠᠷᠠᠳ ᠲᠦᠮᠡᠨ ᠪᠠᠶᠠᠨ᠂ ᠠᠮᠢ ᠠᠬᠤᠢ ᠦᠵᠡᠰᠭᠦᠯᠡᠩᠲᠦ ᠰᠠᠶᠢᠬᠠᠨ︾ ᠰᠢᠨ᠎ᠡ ᠹᠦᠵᠢᠶᠠᠨ ᠤ ᠠᠤᠭ᠎ᠠ ᠳᠦᠰᠦᠪ ᠢ ᠵᠢᠷᠤᠭᠯᠠᠭᠰᠠᠨ 10 ᠵᠢᠯ ᠤᠨ ᠤᠢ ᠪᠣᠯᠤᠨ᠎ᠠ᠃ ᠹᠦᠵᠢᠶᠠᠨ ᠮᠤᠵᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠶᠢᠨ ᠳᠠᠭᠠᠭᠠᠯᠭᠠᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠶᠢ ᠰᠠᠶᠢᠲᠤᠷ ᠡᠭᠦᠷᠭᠡᠯᠡᠵᠦ᠂ ᠴᠢᠬᠤᠯᠠ ᠶᠡᠭᠡ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ︽ᠲᠦᠷᠪᠡᠨ ᠨᠡᠩ ᠶᠡᠭᠡ︾ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠪᠣᠯᠤᠨ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠹᠦᠵᠢᠶᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠡᠢ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠰᠢᠨ᠎ᠡ ᠵᠠᠮ ᠢ ᠬᠠᠶᠢᠨ ᠰᠦᠪᠡᠭᠴᠢᠯᠡᠬᠦ ᠶᠢ ᠪᠠᠷᠢᠮᠲᠠᠯᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ ᠢ ᠰᠠᠶᠢᠲᠤᠷ ᠪᠦᠲᠦᠭᠡᠨ ᠪᠠᠶᠢᠭᠤᠯᠵᠤ᠂ ᠴᠢᠨᠠᠷ ᠰᠠᠶᠢᠲᠠᠢ ᠠᠮᠢᠳᠤᠷᠠᠯ ᠢ ᠬᠦᠴᠦᠯᠡᠨ ᠡᠭᠦᠳᠴᠦ᠂ ᠴᠢᠨᠠᠷ ᠰᠠᠶᠢᠲᠠᠢ ᠬᠥᠭᠵᠢᠯᠲᠡ ᠶᠢᠨ ᠪᠣᠬᠢᠷᠲᠤᠯ ᠦᠭᠡᠢ ᠰᠠᠭᠤᠷᠢ ᠦᠩᠭᠡ ᠶᠢ ᠬᠢᠯᠡᠯᠵᠠᠭᠤᠯᠵᠥ᠂ ᠹᠦᠵᠢᠶᠠᠨ ᠤ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ︽ᠵᠣᠷᠢᠭᠲᠠᠢ ᠪᠠᠷ ᠲᠦᠷᠦᠭᠦᠯᠡᠨ ᠬᠢᠵᠥ᠂ ᠴᠢᠷᠮᠠᠶᠢᠨ ᠲᠡᠮᠡᠴᠡᠵᠥ ᠠᠮᠵᠢᠯᠳᠠ ᠤᠯᠬᠤ︾ ᠵᠣᠷᠢᠭ ᠰᠠᠨᠠᠭ᠎ᠠ ᠶᠢ ᠪᠠᠷᠢᠮᠲᠠᠯᠠᠵᠤ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠳᠡᠮᠡᠴᠡᠵᠥ᠂ ᠡᠷᠡᠮᠡᠬᠡᠶᠢᠯᠡᠨ ᠤᠷᠤᠭᠰᠢᠯᠠᠵᠤ᠂ ᠹᠦᠵᠢᠶᠠᠨ ᠤ ᠬᠥᠭᠵᠢᠯᠲᠡ ᠶᠢᠨ ᠲᠠᠬᠢᠨ ᠰᠢᠨ᠎ᠡ ᠠᠮᠵᠢᠯᠲᠠ ᠪᠦᠲᠦᠮᠵᠢ ᠤᠯᠬᠤ ᠶᠢ ᠠᠬᠢᠭᠤᠯᠬᠤ ᠶᠢ ᠬᠦᠰᠡᠵᠥ ᠪᠠᠶᠢᠨ᠎ᠠ ᠬᠡᠵᠥ ᠵᠢᠭᠠᠵᠥ ᠭᠠᠷᠭᠠᠪᠠ᠃   ᠯᠢ ᠰᠢ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠦᠷᠢᠮ ᠪᠣᠯᠤᠨ ᠦᠨᠳᠦᠰᠦᠨ ᠬᠠᠤᠯᠢ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠰᠢᠨ᠎ᠡ ᠠᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠬᠤ ᠬᠡᠷᠡᠭᠲᠡᠶ᠃ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ︔ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠡᠮᠬᠢ ᠳᠢᠭᠯᠢᠮ ᠲᠠᠢ ᠪᠥᠭᠡᠳ ᠠᠮᠢᠵᠢᠷᠠᠯ ᠤᠨ ᠬᠦᠴᠦᠨ ᠲᠠᠢ ᠰᠠᠶᠢᠨ ᠰᠠᠶᠢᠬᠠᠨ ᠣᠷᠴᠢᠨ ᠨᠦᠬᠦᠴᠡᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ︔ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠢᠯᠵᠠᠷᠠᠯ ᠤᠨ ᠪᠣᠶ ᠪᠣᠯᠬᠤ ᠬᠥᠷᠥᠰᠥ ᠰᠢᠷᠣᠶ ᠪᠠ ᠨᠥᠬᠦᠴᠡᠯ ᠢ ᠲᠠᠰᠤᠷᠠᠯᠲᠠ ᠥᠬᠡᠶ ᠠᠷᠢᠯᠭᠠᠬᠤ ᠬᠡᠷᠡᠭᠲᠡᠶ︔ ᠣᠯᠠᠨ ᠲᠦᠮᠡᠨ ᠤ ᠳᠡᠷᠭᠡᠳᠡᠬᠢ ︽ᠵᠢᠵᠢᠭ ᠢᠶᠠᠷ ᠱᠠᠮᠰᠢᠵᠥ ᠪᠠᠭ᠎ᠠ ᠪᠠᠷ ᠢᠯᠵᠡᠷᠡᠬᠤ︾ ᠶᠢ ᠬᠦᠴᠦᠯᠡᠨ ᠵᠠᠯᠬᠠᠭᠠᠨ ᠰᠢᠢᠳᠭᠡᠵᠦ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠬᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠳᠡᠢ ᠬᠡᠵᠥ ᠴᠢᠬᠤᠯᠠᠴᠢᠯᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号