ᠮᠠᠨ ᠤ ᠤᠷᠤᠨ ᠤ 6 ᠰᠤᠷᠭᠠᠭᠤᠯᠢ ᠵᠤᠬᠢᠶᠠᠮᠠᠯ ᠤᠶᠤᠨ ᠴᠢᠳᠠᠪᠤᠷᠢ ᠶᠢᠨ ᠵᠢᠭᠠᠨ ᠰᠤᠷᠭᠠᠯᠳᠠ ᠶᠢᠨ ᠰᠠᠭᠤᠷᠢᠨ ᠢᠶᠠᠷ ᠰᠤᠩᠭᠤᠭᠳᠠᠪᠠ
ᠨᠡᠶᠢᠲᠡᠯᠡᠭᠰᠡᠨ ᠴᠠᠭ᠄
2024/3/7
  ᠰᠤᠷᠭᠠᠨ ᠬᠦᠮᠦᠵᠢᠯ ᠤᠨ ᠶᠠᠮᠤᠨ ᠤᠶᠢᠷ᠎ᠠ ᠳᠤ ᠳᠤᠮᠳᠠᠳᠤ ᠪᠠᠭ᠎ᠠ ᠰᠤᠷᠭᠠᠭᠤᠯᠢ ᠶᠢᠨ ᠵᠤᠬᠢᠶᠠᠮᠠᠯ ᠤᠶᠤᠨ ᠴᠢᠳᠠᠪᠤᠷᠢ ᠶᠢᠨ ᠵᠢᠭᠠᠨ ᠰᠤᠷᠭᠠᠯᠳᠠ ᠶᠢᠨ ᠰᠠᠭᠤᠷᠢᠨ ᠢᠶᠠᠷ ᠰᠤᠩᠭᠤᠭᠳᠠᠭᠰᠠᠨ 184 ᠰᠤᠷᠭᠠᠭᠤᠯᠢ ᠶᠢᠨ ᠨᠡᠷᠡᠰ ᠢ ᠨᠡᠶᠢᠳᠡᠯᠡᠭᠰᠡᠨ ᠪᠠᠶᠢᠨ᠎ᠠ᠃ ᠡᠬᠦᠨ ᠳᠤ ᠮᠡᠨ ᠤ ᠤᠷᠤᠨ ᠤ ᠬᠦᠯᠦᠨ ᠪᠤᠶᠢᠷ ᠬᠤᠳᠠ ᠶᠢᠨ ᠬᠠᠶᠢᠯᠠᠷ ᠳᠤᠭᠤᠷᠢᠭ ᠤᠨ ᠨᠠᠨ ᠺᠠᠢ ᠵᠠᠮ ᠤᠨ ᠳᠤᠮᠳᠠᠳᠤ ᠰᠤᠷᠭᠠᠭᠤᠯᠢ᠂ ᠤᠯᠠᠭᠠᠨᠬᠠᠳᠠ ᠶᠢᠨ ᠤᠯᠠᠭᠠᠨ ᠳᠤᠭ ᠳᠤᠮᠳᠠᠳᠤ ᠰᠤᠷᠭᠠᠭᠤᠯᠢ᠂ ᠤᠷᠳᠤᠰ ᠬᠤᠳᠠ ᠶᠢᠨ ᠬᠢᠶ᠎ᠠ ᠪᠠᠭᠰᠢ ᠳᠤᠭᠤᠷᠢᠭ ᠤᠨ ᠳᠤᠷᠰᠢᠯᠳᠠ ᠶᠢᠨ ᠪᠠᠭ᠎ᠠ ᠰᠤᠷᠭᠠᠭᠤᠯᠢ᠂ ᠪᠡᠬᠡᠵᠢᠩ ᠤᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠤᠯᠠᠭᠠᠨᠴᠠᠪ ᠲᠠᠬᠢ ᠬᠤᠪᠢᠶᠠᠷᠢ ᠰᠤᠷᠭᠠᠭᠤᠯᠢ᠂ ᠤᠯᠠᠭᠠᠨᠬᠤᠳᠠ ᠶᠢᠨ ᠨᠢᠬᠡᠳᠦᠬᠡᠷ ᠳᠤᠮᠳᠠᠳᠤ ᠰᠤᠷᠭᠠᠭᠤᠯᠢ᠂ ᠰᠢᠯᠢ ᠶᠢᠨ ᠭᠤᠤᠯ ᠠᠶᠢᠮᠠᠭ ᠤᠨ ᠮᠤᠩᠭᠤᠯ ᠳᠤᠮᠳᠠᠳᠤ ᠰᠤᠷᠭᠠᠭᠤᠯᠢ ᠰᠤᠩᠭᠤᠭᠳᠠᠪᠠ᠃   ᠳᠤᠮᠳᠠᠳᠤ ᠪᠠᠭ᠎ᠠ ᠰᠤᠷᠭᠠᠭᠤᠯᠢ ᠶᠢᠨ ᠵᠤᠬᠢᠶᠠᠮᠠᠯ ᠤᠶᠤᠨ ᠴᠢᠳᠠᠪᠤᠷᠢ ᠶᠢᠨ ᠵᠢᠭᠠᠨ ᠰᠤᠷᠭᠠᠯᠳᠠ ᠶᠢᠨ ᠰᠠᠭᠤᠷᠢᠨ ᠢ ᠰᠤᠩᠭᠤᠭᠰᠠᠨ ᠨᠢ ᠰᠠᠭᠤᠷᠢᠨ ᠤ ᠵᠢᠭᠠᠨ ᠰᠤᠷᠭᠠᠯᠳᠠ ᠶᠢᠨ ᠳᠤᠷᠰᠢᠯᠳᠠ ᠪᠠᠷ ᠳᠠᠮᠵᠢᠭᠤᠯᠤᠨ᠂ ᠵᠤᠬᠢᠶᠠᠮᠠᠯ ᠤᠶᠤᠨ ᠴᠢᠳᠠᠪᠤᠷᠢ ᠶᠢᠨ ᠵᠢᠭᠠᠨ ᠰᠤᠷᠭᠠᠯᠳᠠ ᠶᠢᠨ ᠰᠢᠨ᠎ᠡ ᠤᠶᠢᠯᠠᠭᠠᠭᠳᠠᠬᠤᠨ᠂ ᠰᠢᠨ᠎ᠠ ᠵᠠᠭᠪᠤᠷ ᠪᠠ ᠰᠢᠨ᠎ᠠ ᠲᠦᠰᠦᠯ ᠢ ᠤᠯᠠᠮ ᠨᠢᠬᠡ ᠠᠯᠬᠤᠮ ᠰᠦᠪᠡᠭᠴᠢᠯᠡᠵᠦ᠂ ᠳᠡᠯᠬᠡᠷᠡᠬᠦᠯᠵᠦ ᠪᠤᠯᠬᠤ ᠬᠡᠷᠡᠭ ᠤᠨ ᠵᠢᠱᠢᠶ᠎ᠠ ᠪᠠ ᠳᠡᠷᠢᠬᠦᠨ ᠤ ᠳᠤᠷᠰᠢᠯᠭ᠎ᠠ ᠶᠢ ᠪᠤᠢ ᠪᠤᠯᠭᠠᠬᠤ ᠶᠢ ᠵᠤᠷᠢᠭᠰᠠᠨ ᠪᠠᠶᠢᠨ᠎ᠠ᠃ ᠰᠤᠷᠭᠠᠨ ᠬᠦᠮᠦᠵᠢᠯ ᠤᠨ ᠶᠠᠮᠤᠨ ᠠᠴᠠ᠂ ᠡᠯ᠎ᠠ ᠰᠠᠭᠤᠷᠢᠨ ᠤ ᠵᠤᠬᠢᠶᠠᠮᠠᠯ ᠤᠶᠤᠨ ᠴᠢᠳᠠᠪᠤᠷᠢ ᠶᠢᠨ ᠵᠢᠭᠠᠨ ᠰᠤᠷᠭᠠᠯᠳᠠ ᠶᠢ ᠨᠡᠩ ᠴᠢᠬᠤᠯᠠᠴᠢᠯᠠᠬᠤ ᠶᠢ ᠠᠬᠢᠭᠤᠯᠵᠤ᠂ ᠵᠤᠬᠢᠶᠠᠮᠠᠯ ᠤᠶᠤᠨ ᠴᠢᠳᠠᠪᠤᠷᠢ ᠶᠢᠨ ᠵᠢᠭᠠᠨ ᠰᠤᠷᠭᠠᠯᠳᠠ ᠶᠢᠨ ᠬᠡᠷᠡᠭᠵᠢᠬᠦᠯᠬᠦ ᠠᠷᠭ᠎ᠠ ᠮᠠᠶ᠋ᠢᠭ ᠢ ᠰᠦᠪᠡᠭᠴᠢᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠭᠡ ᠵᠠᠩᠬᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠂ ᠨᠡᠶᠢᠳᠡᠮ ᠬᠡᠷᠡᠭᠯᠡᠬᠦ ᠮᠠᠷᠭᠡᠵᠢᠯ ᠵᠡᠷᠬᠡ ᠬᠢᠴᠢᠶᠡᠯ ᠢᠶᠠᠷ ᠭᠤᠤᠯ ᠲᠦᠰᠢᠭ ᠪᠤᠯᠭᠠᠨ᠂ ᠰᠤᠷᠭᠠᠨ ᠬᠦᠮᠦᠵᠢᠯ ᠤᠨ ᠡᠬᠢ ᠪᠠᠶᠠᠯᠢᠭ ᠢ ᠤᠯᠠᠮ ᠴᠢᠨᠠᠭᠰᠢᠳᠠ ᠪᠠᠶᠠᠯᠢᠭᠵᠢᠭᠤᠯᠤᠨ᠎ᠠ᠃ ᠵᠢᠭᠠᠨ ᠰᠤᠷᠭᠠᠬᠤ ᠪᠠ ᠰᠤᠷᠤᠯᠴᠠᠬᠤ ᠶᠢ ᠳᠡᠮᠵᠢᠬᠦ ᠦᠢᠯᠡᠴᠢᠯᠡᠬᠡᠨ ᠤ ᠠᠷᠭ᠎ᠠ ᠮᠠᠶ᠋ᠢᠭ ᠤᠨ ᠰᠢᠨ᠎ᠡ ᠶᠢ ᠡᠬᠦᠳᠴᠦ᠂ ᠪᠠᠭᠰᠢ ᠶᠢ ᠳᠠᠪᠳᠠᠨ ᠪᠤᠯᠪᠠᠰᠤᠷᠠᠭᠤᠯᠵᠤ᠂ ᠵᠤᠬᠢᠶᠠᠮᠠᠯ ᠤᠶᠤᠨ ᠴᠢᠳᠠᠪᠤᠷᠢ ᠶᠢᠨ ᠵᠢᠭᠠᠨ ᠰᠤᠷᠭᠠᠯᠳᠠ ᠶᠢᠨ ᠬᠠᠮᠤᠷᠬᠤ ᠬᠡᠪᠴᠢᠶ᠎ᠠ ᠪᠠ ᠠᠰᠢᠭ ᠬᠦᠷᠳᠡᠬᠦ ᠬᠡᠪᠴᠢᠶ᠎ᠠ ᠶᠢ ᠦᠷᠬᠡᠳᠬᠡᠨ᠂ ᠵᠤᠬᠢᠶᠠᠮᠠᠯ ᠤᠶᠤᠨ ᠴᠢᠳᠠᠪᠤᠷᠢ ᠶᠢᠨ ᠵᠢᠭᠠᠨ ᠰᠤᠷᠭᠠᠯᠳᠠ ᠦᠷᠨᠢᠬᠦᠯᠬᠦ ᠰᠤᠷᠭᠠᠭᠤᠯᠢ ᠨᠤᠭᠤᠳ ᠤᠨ ᠬᠢᠴᠢᠶᠡᠯ ᠤᠨ ᠪᠠᠶᠢᠭᠤᠯᠤᠯᠳᠠ᠂ ᠰᠢᠨᠵᠢᠯᠡᠬᠡᠨ ᠤ ᠰᠠᠯᠠᠭ᠎ᠠ ᠶᠢᠨ ᠠᠭᠤᠰᠤᠯᠴᠠᠯ᠂ ᠵᠢᠭᠠᠨ ᠰᠤᠷᠭᠠᠬᠤ ᠠᠷᠭ᠎ᠠ ᠮᠠᠶ᠋ᠢᠭ ᠤᠨ ᠬᠤᠪᠢᠰᠤᠯᠳᠠ᠂ ᠳᠤᠭᠠᠴᠢᠯᠠᠭᠰᠠᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠬᠠᠮᠳᠤ ᠪᠠᠷ ᠪᠠᠶᠢᠭᠤᠯᠵᠤ ᠬᠠᠮᠳᠤ ᠪᠠᠷ ᠡᠳ᠋ᠯᠡᠬᠦ᠂ ᠪᠠᠭᠰᠢ ᠶᠢᠨ ᠳᠤᠭᠠᠴᠢᠯᠠᠭᠰᠠᠨ ᠬᠡᠪ ᠪᠤᠯᠪᠠᠰᠤᠷᠠᠯ ᠤᠨ ᠬᠦᠮᠦᠵᠢᠯ᠂ ᠰᠤᠷᠤᠭᠴᠢᠳ ᠤᠨ ᠪᠦᠬᠦ ᠳᠠᠯ᠎ᠠ ᠶᠢᠨ ᠬᠦᠭᠵᠢᠯᠳᠡ ᠵᠡᠷᠬᠡ ᠳᠡᠯ᠎ᠠ ᠪᠠᠷ ᠵᠢᠱᠢᠶ᠎ᠠ ᠦᠵᠡᠬᠦᠯᠦᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠪᠠᠭᠰᠢ ᠶᠢᠨ ᠵᠤᠬᠢᠶᠠᠮᠠᠯ ᠤᠶᠤᠨ ᠴᠢᠳᠠᠪᠤᠷᠢ ᠶᠢᠨ ᠮᠡᠷᠬᠡᠵᠢᠯ ᠤᠨ ᠬᠢᠷᠢ ᠲᠦᠪᠰᠢᠨ ᠢ ᠳᠠᠰᠤᠷᠠᠯᠳᠠ ᠦᠬᠡᠢ ᠳᠡᠬᠡᠭᠰᠢᠯᠡᠬᠦᠯᠬᠦ ᠶᠢ ᠲᠠᠶᠢᠴᠢᠯᠠᠨ᠎ᠠ᠃ ᠪᠠᠰᠠ ᠨᠡᠶᠢᠳᠡᠯᠢᠭ ᠳᠤᠷᠰᠢᠯᠭ᠎ᠠ᠂ ᠰᠢᠯᠢᠳᠡᠭ ᠬᠢᠴᠢᠶᠡᠯ ᠤᠨ ᠵᠢᠱᠢᠶ᠎ᠠ᠂ ᠰᠢᠯᠢᠳᠡᠭ ᠡᠬᠢ ᠪᠠᠶᠠᠯᠢᠭ ᠢ ᠰᠤᠩᠭᠤᠨ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠤᠶᠤᠨᠴᠢ ᠰᠤᠷᠭᠠᠨ ᠬᠦᠮᠦᠵᠢᠯ ᠤᠨ ᠳᠠᠪᠴᠠᠩ ᠳᠤ ᠤᠷᠤᠭᠤᠯᠵᠤ ᠨᠡᠩ ᠤᠯᠠᠨ ᠳᠤᠮᠳᠠᠳᠤ ᠪᠠᠭ᠎ᠠ ᠰᠤᠷᠭᠠᠭᠤᠯᠢ ᠶᠢᠨ ᠵᠤᠬᠢᠶᠠᠮᠠᠯ ᠤᠶᠤᠨ ᠴᠢᠳᠠᠪᠤᠷᠢ ᠶᠢᠨ ᠵᠢᠭᠠᠨ ᠰᠤᠷᠭᠠᠯᠳᠠ ᠶᠢ ᠰᠦᠪᠡᠭᠴᠢᠯᠡᠨ ᠦᠷᠨᠢᠬᠦᠯᠬᠦ ᠶᠢ ᠠᠬᠢᠭᠤᠯᠤᠨ᠎ᠠ ᠬᠡᠵᠦ ᠢᠯᠡᠳᠬᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号