ᠤᠯᠠᠨ ᠵᠢᠯ ᠤᠨ ᠳᠤᠷᠰᠢ᠂ ᠪᠠᠶᠠᠷ ᠠᠪᠤᠭᠠᠢ ᠭᠡᠷᠡᠯ ᠵᠢᠷᠤᠭ ᠤᠨ ᠮᠠᠰᠢᠨ ᠢᠶᠠᠷ ᠨᠢᠭᠡᠨ ᠴᠠᠭ ᠦᠶ᠎ᠠ ᠶᠢ | ᠳᠠᠮᠳᠡᠭᠯᠡᠭᠰᠡᠭᠡᠷ ᠢᠷᠡᠵᠠᠢ᠃ ᠳᠠᠷᠠ ᠪᠠᠷ ᠬᠤᠷᠴᠠ ᠭᠢᠷᠠᠬᠠᠢ ᠠᠵᠢᠬᠯᠠᠬᠤ ᠴᠢᠳᠠᠪᠤᠷᠢ᠂ ᠳᠤᠰᠬᠠᠢ ᠮᠡᠷᠭᠡᠵᠢᠯ ᠤᠨ | ᠪᠠᠶᠠᠯᠢᠭ ᠮᠡᠳᠡᠯᠭᠡ ᠪᠤᠯᠤᠨ ᠰᠢᠷᠭᠠᠭᠤ ᠭᠦᠳᠡᠯᠮᠤᠷᠢ ᠪᠠᠷ ᠢᠶᠠᠨ ᠮᠤᠩᠭᠤᠯ ᠦᠨᠳᠦᠰᠦᠳᠠᠨ ᠤ ᠨᠡᠭᠦᠳᠠᠯ ᠮᠠᠯᠵᠢᠯ ᠤᠨ | ᠪᠤᠯᠪᠠᠰᠤᠨ ᠵᠢᠴᠢ ᠳᠠᠭᠦᠨ ᠤ ᠰᠤᠳᠤᠯᠭᠠᠨ ᠢ ᠭᠡᠷᠡᠯ ᠵᠢᠷᠤᠭ ᠤᠨ ᠭᠡᠯᠪᠡᠷᠢ ᠪᠠᠷ ᠳᠠᠯᠭᠡᠨ ᠦᠵᠡᠭᠦᠯᠵᠤ᠂ ᠡᠷᠳᠡᠮ | ᠰᠢᠨᠵᠢᠯᠡᠭᠡᠨ ᠤ ᠰᠤᠳᠤᠯᠭᠠᠨ ᠤ ᠦᠨᠠᠨ ᠪᠤᠳᠠᠳᠠᠢ ᠡᠯᠪᠡᠭ ᠪᠠᠶᠠᠯᠢᠭ ᠮᠠᠲᠤᠷᠢᠶᠠᠯ ᠬᠠᠨᠭ᠍ᠭᠠᠭᠰᠠᠨ ᠪᠠᠶᠢᠨ᠎ᠠ᠃ | ᠦᠪᠦᠷ ᠮᠤᠩᠭᠤᠯ ᠤᠨ ᠭᠡᠪᠯᠡᠯ ᠤᠨ ᠪᠦᠯᠦᠭᠯᠡᠯ ᠤᠨ ᠦᠪᠦᠷ ᠮᠤᠩᠭᠤᠯ ᠤᠨ ᠰᠤᠶᠤᠯ ᠤᠨ ᠭᠡᠪᠯᠡᠯ ᠤᠨ | ᠬᠤᠷᠢᠶ᠎ᠠ ᠠᠴᠠ ᠭᠡᠪᠯᠡᠵᠤ ᠳᠠᠷᠬᠠᠭᠠᠭᠰᠠᠨ ︽ᠳᠠᠯ᠎ᠠ ᠨᠤᠳᠤᠭ ᠤᠨ ᠰᠤᠳᠤᠴᠤᠤᠯ︾ ᠨᠤᠮ ᠳᠤ ᠮᠤᠩᠭᠤᠯ | ᠦᠨᠳᠦᠰᠦᠳᠠᠨ ᠤ ᠤᠳᠤ ᠦᠶ᠎ᠠ ᠶᠢᠨ 309 ᠭᠦᠮᠦᠨ ᠤ ᠪᠢᠴᠢᠯ ᠨᠠᠮᠳᠠᠷ ᠪᠤᠯᠤᠨ ᠭᠡᠷᠡᠯ ᠵᠢᠷᠤᠭ ᠵᠡᠷᠭᠡ ᠪᠠᠭᠳᠠᠭᠠᠵᠠᠢ᠃ | | ᠨᠠᠶᠢᠷᠠᠭᠤᠯᠤᠭᠴᠢ ᠪᠠᠶᠠᠷ ᠤᠨ ᠳᠠᠨᠢᠯᠴᠠᠭᠤᠯᠭ᠎ᠠ᠄ | ᠪᠠᠶᠠᠷ — 1957 ᠤᠨ ᠳᠤ ᠪᠡᠭᠡᠵᠢᠩ ᠳᠤ ᠳᠦᠷᠦᠵᠠᠢ᠃ ᠮᠤᠩᠭᠤᠯ ᠦᠨᠳᠦᠰᠦᠳᠠᠨ᠂ ᠳᠠᠭᠡᠳᠦ ᠶᠢᠨ | ᠨᠤᠳᠤᠭ ᠨᠢ ᠦᠪᠦᠷ ᠮᠤᠩᠭᠤᠯ ᠤᠨ ᠬᠤᠷᠴᠢᠨ ᠵᠠᠭᠦᠨ ᠭᠠᠷᠤᠨ ᠳᠤᠮᠳᠠᠳᠤ ᠬᠤᠰᠢᠭᠤᠨ ᠳᠤ ᠪᠠᠶᠢᠵᠠᠢ᠃ | ︽ᠦᠨᠳᠦᠰᠦᠳᠠᠨ ᠤ ᠵᠢᠷᠤᠭᠳᠦ ᠰᠠᠳᠭᠦᠯ︾ ᠤᠨ ᠨᠠᠶᠢᠷᠠᠭᠤᠯᠤᠭᠴᠢ᠂ ᠮᠤᠩᠭᠤᠯ ᠢᠶᠠᠷ ᠨᠠᠶᠢᠷᠠᠭᠤᠯᠬᠤ ᠭᠡᠯᠳᠡᠰ ᠤᠨ | ᠤᠤᠯ ᠤᠨ ᠡᠷᠭᠢᠯᠡᠭᠴᠢ᠂ ᠳᠠᠭᠡᠳᠦ ᠵᠡᠷᠭᠡ ᠶᠢᠨ ᠰᠤᠷᠪᠤᠯᠵᠢᠯᠠᠭᠴᠢ᠃ ᠳᠤᠮᠳᠠᠳᠤ ᠤᠯᠤᠰ ᠤᠨ ᠭᠡᠷᠡᠯ ᠵᠢᠷᠤᠭᠴᠢᠳ ᠤᠨ | ᠨᠡᠶᠢᠭᠡᠮᠯᠢᠭ ᠤᠨ ᠭᠡᠰᠢᠭᠦᠨ ︵1991 — 2002 ᠤᠨ ᠤ ᠬᠤᠭᠤᠷᠤᠨᠳᠤᠭᠢ ᠶᠡᠷᠦᠩᠭᠡᠢ ᠬᠠᠮᠢᠶᠠᠷᠤᠭᠴᠢ︶᠂ | ᠳᠤᠮᠳᠠᠳᠤ ᠤᠯᠤᠰ ᠤᠨ ᠵᠤᠭᠢᠶᠠᠯᠴᠢᠳ ᠤᠨ ᠡᠪᠯᠡᠯ ᠤᠨ ᠭᠡᠰᠢᠭᠦᠨ ︵2021 ᠤᠨ ᠳᠤ ᠳᠤᠮᠳᠠᠳᠤ ᠤᠯᠤᠰ ᠤᠨ | ᠵᠤᠭᠢᠶᠠᠯᠴᠢᠳ ᠤᠨ ᠡᠪᠯᠡᠯ ᠤᠨ ᠠᠷᠪᠠᠳᠤᠭᠠᠷ ᠤᠳᠠᠭᠠᠨ ᠤ ᠪᠦᠭᠦ ᠤᠯᠤᠰ ᠤᠨ ᠳᠦᠯᠦᠭᠡᠯᠡᠭᠴᠢᠳ ᠤᠨ ᠶᠡᠭᠡ | ᠬᠤᠷᠠᠯ ᠳᠤ ᠤᠷᠤᠯᠴᠠᠪᠠ︶᠃ 2006 ᠤᠨ ᠳᠤ ᠳᠤᠮᠳᠠᠳᠤ ᠤᠯᠤᠰ ᠤᠨ ᠭᠡᠷᠡᠯ ᠵᠢᠷᠤᠭᠴᠢᠳ ᠤᠨ ᠨᠡᠶᠢᠭᠡᠮᠯᠢᠭ ᠠᠴᠠ | ᠤᠯᠭᠤᠭᠰᠠᠨ ︽ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠭᠡᠷᠡᠯ ᠵᠢᠷᠤᠭ ᠤᠨ ᠠᠵᠢᠯᠳᠠᠨ︾ ᠤ ᠴᠤᠯᠠ ᠶᠢ | ᠭᠦᠷᠳᠡᠵᠦ᠂ 2016 ᠤᠨ ᠳᠤ ᠳᠦᠷᠦ ᠶᠢᠨ ᠶᠠᠪᠤᠳᠠᠯ ᠤᠨ ᠬᠤᠷᠢᠶᠠᠨ ᠤ ︽ᠵᠠᠰᠠᠭ ᠤᠨ ᠤᠷᠳᠤᠨ ᠤ ᠤᠨᠴᠠᠭᠠᠢ | ᠳᠠᠳᠭᠦᠮᠵᠢ︾ ᠶᠢ ᠭᠦᠷᠳᠡᠪᠡ᠃ ᠤᠳᠤ ᠪᠤᠯᠳᠠᠯ᠎ᠠ ᠨᠢᠭᠡᠨᠳᠠ ᠦᠰᠦᠭ ᠪᠢᠴᠢᠭ ᠤᠨ ᠳᠦᠷᠦᠯ ᠤᠨ | ᠪᠦᠳᠦᠭᠡᠯ ᠤᠳ ᠠᠴᠠ 500 ᠳᠦᠮᠠᠨ ᠦᠰᠦᠭ ᠪᠠ ᠳᠦᠮᠠ ᠭᠠᠷᠤᠢ ᠭᠡᠷᠡᠯ ᠵᠢᠷᠤᠭ ᠨᠡᠶᠢᠳᠡᠯᠡᠵᠤ᠂ ᠭᠡᠳᠦᠨ ᠵᠠᠭᠤᠨ | ᠪᠦᠯᠦᠭ ᠳᠤᠰᠬᠠᠢ ᠰᠡᠳᠦᠪᠳᠦ ᠭᠡᠷᠡᠯ ᠵᠢᠷᠤᠭ ᠤᠨ ᠮᠡᠳᠡᠭᠡᠯᠡᠯ ᠨᠡᠶᠢᠳᠡᠯᠡᠨ᠂ ᠡᠭᠦᠨ ᠤ ᠳᠤᠮᠳᠠ ᠤᠯᠠᠨ ᠪᠦᠳᠦᠭᠡᠯ ᠨᠢ | ᠠᠵᠢᠯ ᠳᠦᠷᠦᠯ ᠤᠨ ᠱᠠᠩᠨᠠᠯ ᠢ ᠭᠦᠷᠳᠡᠪᠡ᠃ |