ᠴᠠᠭᠠᠨ ᠲᠡᠮᠡᠭᠡᠨ ᠤ ᠨᠢᠭᠤᠴᠠ
ᠨᠡᠶᠢᠲᠡᠯᠡᠭᠰᠡᠨ ᠴᠠᠭ᠄
2024/3/7
  ᠮᠠᠨ ᠤ ᠡᠪᠦᠭᠡ ᠲᠡᠭᠡᠳᠦᠰ ᠶᠡᠭᠡ ᠠᠵᠢᠭᠴᠢ ᠬᠢᠷᠠᠬᠠᠢ ᠤᠯᠤᠰ ᠶᠤᠮ᠃ ᠤᠯᠠᠨ ᠵᠠᠭᠤᠨ ᠵᠢᠯ ᠤᠨ ᠲᠤᠷᠰᠢ ᠠᠮᠢᠳᠤᠷᠠᠯ ᠢᠶᠠᠷ ᠰᠢᠯᠭᠠᠭᠳᠠᠭᠰᠠᠨ ᠪᠦᠬᠦᠨ ᠢᠶᠠᠨ ᠲᠤᠮᠤᠭ ᠲᠡᠥᠬᠡ ᠪᠤᠯᠭᠠᠵᠤ᠂ ᠬᠤᠶᠢᠴᠢ ᠦᠶ᠎ᠡ ᠳᠡᠭᠡᠨ ᠦᠯᠡᠳᠡᠭᠡᠳᠡᠭ ᠤᠯᠠᠮᠵᠢᠯᠠᠯ ᠲᠠᠢ᠃ ᠲᠡᠭᠦᠨ ᠤ ᠨᠢᠭᠡ ᠨᠢ ᠴᠠᠭᠠᠨ ᠢᠮᠠᠭ᠎ᠠ᠂ ᠴᠠᠭᠠᠨ ᠬᠡᠭᠦᠦ᠂ ᠴᠠᠭᠠᠨ ᠲᠡᠮᠡᠭᠡᠨ ᠤ ᠲᠤᠬᠠᠢ ᠠᠵᠢᠭᠯᠠᠯᠲᠠ ᠶᠤᠮ᠃   ᠶᠠᠭᠤᠨ ᠤ ᠡᠮᠦᠨ᠎ᠡ ᠲᠠᠶᠢᠯᠪᠤᠷᠢᠯᠠᠬᠤ ᠳᠤ ᠴᠠᠭᠠᠨ ᠵᠢᠰᠦᠮ ᠲᠠᠢ ᠮᠠᠯ ᠶᠡᠷᠦ ᠨᠢ ᠲᠡᠶᠢᠮᠦ ᠤᠯᠠᠨ ᠪᠢᠰᠢ᠃ ᠴᠠᠭᠠᠨ ᠮᠠᠯ ᠳᠤ ᠲᠡᠳᠦᠢ ᠯᠡ ᠲᠤᠷᠠᠲᠠᠢ ᠪᠢᠰᠢ ᠪᠠᠶᠢᠳᠠᠭ ᠴᠦ ᠴᠠᠭᠠᠨ ᠮᠠᠯ ᠢ ᠶᠡᠬᠡᠳᠡ ᠡᠷᠬᠢᠮᠯᠡᠳᠡᠭ ᠪᠢᠯᠡ᠃   ᠴᠠᠭᠠᠨ ᠵᠢᠰᠦᠮ ᠤᠨ ᠮᠠᠯ ᠡᠪᠦᠯ ᠤᠨ ᠬᠦᠢᠳᠡᠨ ᠳᠤ ᠲᠡᠰᠪᠦᠷᠢ ᠲᠡᠪᠴᠢᠶᠡᠷᠢ ᠪᠠᠷ ᠮᠠᠭᠤ᠂ ᠲᠠᠭᠠᠷᠠᠵᠤ ᠪᠡᠭᠡᠷᠡᠬᠦ ᠨᠢ ᠠᠮᠠᠷᠬᠠᠨ ᠪᠠᠶᠢᠳᠠᠭ ᠨᠢ ᠦᠨᠡᠨ ᠲᠠᠢ᠂ ᠭᠡᠪᠡᠴᠦ ᠴᠠᠭᠠᠨ ᠵᠢᠰᠦᠮ ᠤᠨ ᠮᠠᠯ ᠢ ᠡᠷᠬᠢᠮᠯᠡᠵᠤ ᠲᠡᠭᠡᠳᠦᠯᠡᠬᠦ ᠨᠢ ᠱᠠᠰᠢᠨ ᠰᠢᠳᠦᠯᠭᠡ᠂ ᠪᠡᠯᠭᠡ ᠲᠡᠮᠪᠡᠷᠢᠯ ᠲᠠᠢ ᠨᠢᠬᠲᠠ ᠤᠯᠪᠠᠭ᠎ᠠ ᠬᠡᠯᠬᠢᠶᠡᠲᠡᠢ ᠵᠦᠢᠯ ᠤᠨ ᠨᠢᠭᠡ ᠮᠦᠨ᠃ ᠵᠢᠱᠢᠶᠡᠯᠡᠬᠦ ᠳᠤ᠂ ᠪᠡᠯᠡᠭ ᠬᠦᠷᠭᠡᠬᠦ ᠳᠡᠭᠡᠨ ᠴᠠᠭᠠᠨ ᠮᠤᠷᠢ᠂ ᠴᠠᠭᠠᠨ ᠲᠡᠮᠡᠭᠡ ᠶᠢᠨ ᠪᠡᠯᠡᠭ ᠬᠦᠷᠭᠡᠬᠦ ᠶᠤᠰᠤ ᠪᠠᠶᠢᠳᠠᠭ᠃ ᠪᠠᠰᠠ ᠴᠠᠭᠠᠨ ᠲᠡᠮᠡᠭᠡ ᠶᠢ ᠤᠡᠭᠭᠤᠯᠠᠵᠤ᠂ ᠰᠡᠲᠡᠷᠯᠡᠳᠡᠭ ᠶᠠᠪᠤᠳᠠᠯ ᠪᠤᠢ᠃ ᠡᠳᠡᠭᠡᠷ ᠪᠦᠬᠦᠨ ᠨᠢ ᠪᠢᠳᠡᠨ ᠤ ᠴᠠᠭᠠᠨ ᠦᠡᠭᠭᠡ ᠶᠢ ᠰᠦ ᠰᠢᠭ ᠠᠷᠢᠭᠤᠨ ᠲᠤᠩᠭᠠᠯᠠᠭ ᠰᠡᠳᠬᠢᠯ ᠤᠨ ᠢᠯᠡᠷᠬᠡᠶᠢᠯᠡᠯ ᠭᠡᠵᠦ ᠦᠵᠡᠳᠡᠭ ᠲᠠᠢ ᠤᠶᠠᠯᠳᠤᠭ᠎ᠠ ᠬᠤᠯᠪᠤᠭ᠎ᠠ ᠲᠠᠢ ᠭᠡᠵᠦ ᠦᠵᠡᠨ᠎ᠡ᠃ ᠴᠠᠭᠠᠨ ᠲᠡᠮᠡᠭᠡ᠂ ᠴᠠᠭᠠᠨ ᠢᠮᠠᠭᠠᠨ ᠤ ᠦᠰᠦ ᠨᠤᠤᠯᠤᠭᠤᠷ ᠢᠶᠠᠷ ᠬᠠᠮᠤᠭ ᠤᠨ ᠭᠤᠶᠤ ᠴᠢᠨᠠᠷᠯᠢᠭ ᠬᠤᠪᠴᠠᠰᠦ ᠬᠢᠳᠡᠭ ᠤᠴᠢᠷ ᠦᠨ᠎ᠡ ᠪᠡᠨ᠎ᠡ ᠲᠠᠢ ᠪᠦᠲᠦᠭᠡᠭᠳᠡᠬᠦᠨ ᠪᠤᠯᠬᠤ ᠶᠤᠮ᠃   ᠡᠭᠦᠨ ᠠᠴᠠ ᠭᠠᠳᠠᠨ᠎ᠠ ᠪᠢᠳᠡ ᠨᠠᠷ ᠴᠠᠭᠠᠨ ᠵᠢᠰᠦᠮ ᠤᠨ ᠮᠠᠯ ᠤᠨ ᠢᠶᠠᠨ ᠨᠢᠭᠡᠨ ᠦᠪᠡᠷᠮᠢᠴᠠ ᠴᠢᠨᠠᠷ ᠢ ᠠᠰᠢᠭᠯᠠᠵᠤ ᠮᠡᠳᠡᠭᠰᠡᠨ ᠪᠠᠶᠢᠨ᠎ᠠ᠃ ᠬᠠᠷ᠎ᠠ᠂ ᠪᠤᠷᠤ᠂ ᠬᠦᠷᠡᠩ᠂ ᠤᠯᠠᠭᠠᠨ᠂ ᠪᠤᠰᠤᠳ ᠵᠢᠰᠦᠮ ᠠᠴᠠ ᠢᠯᠭᠠᠭ᠎ᠠ ᠲᠠᠢ ᠨᠢᠭᠤᠴᠠ ᠤᠪᠠᠳᠢᠰ ᠴᠠᠭᠠᠨ ᠵᠢᠰᠦᠮ ᠤᠨ ᠮᠠᠯ ᠳᠤ ᠪᠠᠶᠢᠳᠠᠭ᠃ ᠬᠦᠮᠦᠰ ᠠᠯᠢᠪᠠ ᠡᠪᠡᠳᠴᠢᠨ ᠢ ᠠᠨᠠᠭᠠᠬᠤ ᠳᠤ ᠴᠠᠭᠠᠨ ᠵᠢᠰᠦᠮ ᠲᠠᠢ ᠮᠠᠯ ᠤᠨ ᠰᠦ ᠤᠨᠴᠠᠭᠠᠢ ᠰᠠᠶᠢᠨ ᠪᠤᠯᠬᠤ ᠶᠢ ᠲᠡᠥᠬᠡᠨ ᠲᠤᠷᠰᠢᠯᠭ᠎ᠠ ᠪᠠᠷ ᠢᠶᠠᠨ ᠪᠠᠲᠤᠯᠠᠵᠠᠢ᠃ ᠵᠢᠱᠢᠶᠡᠯᠡᠬᠦ ᠳᠤ᠂ ᠦᠡᠭᠭᠡᠷᠡᠭᠰᠡᠨ ᠲᠡᠥᠬᠡᠨ ᠳᠤ ᠬᠠᠭᠠᠨ ᠡᠵᠡᠨ ᠪᠡᠲᠡᠬᠢ ᠡᠪᠡᠳᠴᠢᠨ ᠲᠠᠢ ᠪᠤᠯᠤᠭᠰᠠᠨ ᠳᠤ᠂ ᠡᠨᠡ ᠡᠪᠡᠳᠴᠢᠨ ᠢ ᠴᠠᠭᠠᠨ ᠲᠡᠮᠡᠭᠡᠨ ᠤ ᠰᠦ ᠪᠠᠷ ᠭᠤᠷᠪᠡᠨ ᠮᠦᠡᠭᠭᠦᠨ ᠠᠶᠠᠭ᠎ᠠ ᠴᠤᠭᠤᠷᠠᠲᠠᠯ᠎ᠠ ᠢᠯᠢᠵᠦ ᠡᠮᠨᠡᠪᠠ᠃ ᠢᠡᠭᠬᠢᠵᠦ ᠡᠮᠨᠡᠭᠰᠡᠨ ᠳᠤ ᠵᠠᠮᠠᠭ ᠮᠡᠲᠦ ᠲᠤᠯᠤᠭᠠᠨ ᠬᠡᠰᠡᠭ ᠡᠪᠡᠳᠴᠢᠨ ᠤᠨᠠᠵᠤ ᠰᠠᠶᠢᠨ ᠪᠤᠯᠪᠠ ᠬᠡᠰᠡᠨ ᠲᠤᠮᠤᠭ ᠦᠯᠢᠭᠡᠷ ᠰᠢᠭ ᠤᠴᠢᠷ ᠰᠤᠷᠪᠤᠯᠵᠢ ᠪᠢᠴᠢᠭ ᠲᠤ ᠦᠭᠦᠯᠡᠭᠰᠡᠨ ᠪᠠᠶᠢᠳᠠᠭ᠃   ᠪᠠᠰᠠ ᠬᠠᠭᠠᠨ ᠡᠵᠡᠨ ᠶᠡᠷᠡ ᠵᠢᠰᠦᠨ ᠴᠠᠭᠠᠨ ᠭᠡᠭᠦᠦ ᠶᠢᠨ ᠴᠡᠭᠡ ᠤᠤᠭᠤᠳᠠᠭ ᠲᠤᠬᠠᠢ ᠮᠡᠳᠡᠭᠡ ᠪᠠᠶᠢᠳᠠᠭ᠃ ᠴᠠᠭᠠᠨ ᠢᠮᠠᠭᠠᠨ ᠤ ᠰᠦ ᠪᠠᠷ ᠰᠤᠯᠠᠳᠠᠭ᠎ᠠ ᠶᠠᠳᠠᠷᠠᠭ᠎ᠠ ᠠᠴᠠ ᠡᠬᠢᠯᠡᠭᠡᠳ ᠡᠯᠢᠭᠡ ᠰᠦᠰᠦᠨ ᠤ ᠡᠪᠡᠳᠴᠢᠨ ᠢ ᠢᠯᠡᠷᠢᠰᠢᠭᠤᠯᠵᠤ᠂ ᠴᠠᠭᠠᠨ ᠭᠡᠭᠦᠦ ᠶᠢᠨ ᠰᠦ ᠠᠭᠤᠰᠬᠢ᠂ ᠶᠠᠰᠤᠨ ᠤ ᠰᠦᠷᠢᠶ᠎ᠡ ᠡᠪᠡᠳᠴᠢᠨ ᠢ ᠡᠳᠡᠭᠡᠭᠡᠬᠦ ᠮᠠᠷᠭᠤᠰᠢ ᠦᠭᠡᠢ ᠤᠪᠠᠳᠢᠰ ᠲᠠᠢ ᠭᠡᠳᠡᠭ᠃   ᠡᠨᠡ ᠪᠦᠬᠦᠨ ᠢ ᠶᠠᠭᠤᠨ ᠤ ᠤᠴᠢᠷ ᠲᠤ ᠢᠡᠭᠬᠢᠵᠦ ᠬᠡᠯᠡᠳᠡᠭ ᠪᠤᠢ︖ ᠭᠡᠪᠡᠯ᠂ ᠴᠠᠭᠠᠨ ᠵᠢᠰᠦᠮ ᠲᠠᠢ ᠮᠠᠯ ᠨᠠᠷᠠᠨ ᠤ ᠭᠡᠷᠡᠯ ᠢ ᠭᠡᠷᠬᠢᠨ ᠤᠶᠢᠯᠠᠭᠠᠵᠦ᠂ ᠬᠡᠷᠬᠢᠨ ᠰᠢᠩᠭᠡᠭᠡᠳᠡᠭ᠂ ᠨᠠᠷᠠᠨ ᠤ ᠰᠠᠴᠤᠷᠠᠭ ᠴᠠᠭᠠᠨ ᠵᠢᠰᠦᠮ ᠲᠠᠢ ᠮᠠᠯ ᠳᠤ ᠬᠡᠷᠬᠢᠨ ᠨᠦᠯᠦᠭᠡᠯᠡᠳᠡᠭ᠂ ᠲᠡᠭᠦᠨ ᠤ ᠢᠯᠴᠢ ᠲᠤᠶᠠᠭᠠᠨ ᠳᠤ ᠮᠠᠯ ᠤᠨ ᠮᠢᠬ᠎ᠠ ᠰᠦ ᠶᠢᠨ ᠤᠭᠤᠷᠠᠭ᠂ ᠢᠯᠴᠢᠯᠢᠭ ᠬᠡᠷᠬᠢᠨ ᠦᠭᠡᠷᠡᠴᠢᠯᠡᠭᠳᠡᠳᠡᠭ ᠭᠡᠬᠦ ᠮᠡᠲᠦ ᠶᠢᠨ ᠤᠯᠠᠨ ᠠᠰᠠᠭᠤᠯᠳᠠ ᠲᠤᠷᠠᠳᠤᠭᠳᠠᠬᠤ ᠪᠤᠯᠤᠨ᠎ᠠ᠃ ᠤᠳᠤᠬᠠᠨ ᠳᠠᠭᠠᠨ ᠰᠢᠨᠵᠢᠯᠡᠬᠦ ᠤᠬᠠᠭᠠᠨ ᠡᠨᠡ ᠠᠰᠠᠭᠤᠯᠳᠠ ᠳᠤ ᠬᠠᠷᠢᠭᠤᠯᠳᠠ ᠦᠭᠴᠦ ᠴᠢᠳᠠᠭ᠎ᠠ ᠦᠭᠡᠢ ᠪᠠᠶᠢᠬ᠎ᠠ ᠭᠡᠵᠦ ᠪᠤᠳᠤᠵᠤ ᠪᠠᠶᠢᠨ᠎ᠠ᠃ ᠤᠤᠯ ᠨᠢᠭᠤᠴᠠ ᠶᠢ ᠨᠡᠭᠡᠭᠡᠪᠡᠰᠦ ᠬᠦᠮᠦᠨ ᠲᠦᠷᠦᠯᠬᠢᠳᠡᠨ ᠤ ᠡᠷᠡᠭᠦᠯ ᠰᠠᠷᠠᠭᠤᠯ ᠠᠮᠢᠳᠤᠷᠠᠵᠤ ᠤᠷᠳᠦ ᠨᠠᠰᠤᠯᠠᠬᠤ ᠳᠤ ᠨᠢᠭᠡᠨ ᠭᠠᠶᠢᠬᠠᠮᠰᠢᠭ ᠤᠨ ᠤᠨᠢᠰᠦᠨ ᠤ ᠲᠦᠯᠬᠢᠭᠦᠷ ᠢ ᠤᠯᠬᠤ ᠪᠠᠶᠢᠬ᠎ᠠ᠃   ︵ᠮ᠊ · ᠡᠷᠳᠡᠨᠢᠰᠦᠪᠤᠳ ᠤᠨ ᠵᠤᠬᠢᠶᠠᠵᠤ ᠨᠠᠶᠢᠷᠠᠭᠤᠯᠤᠭᠰᠠᠨ ︽ᠠᠯᠲᠠᠨ ᠪᠤᠶᠢᠯᠡ︾ ᠨᠤᠮ ᠠᠴᠠ ᠰᠤᠩᠭᠤᠪᠠ︶
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号