ᠮᠠᠨ ᠤ ᠤᠷᠤᠨ ᠪᠡᠭᠡᠵᠢᠩ ᠳᠤ 208.65 ᠳ᠋ᠦᠩᠰᠢᠭᠤᠷ ᠲᠥᠭᠦᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠣᠷᠣᠯᠠᠭᠤᠯᠪᠠ
ᠨᠡᠶᠢᠲᠡᠯᠡᠭᠰᠡᠨ ᠴᠠᠭ᠄
2024/3/7
   ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠠᠴᠠ ᠣᠶᠢᠯᠠᠭᠠᠭᠰᠠᠨ ᠨᠢ᠂ 2023 ᠣᠨ ᠳᠤ ᠮᠠᠨ ᠤ ᠤᠷᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠡᠭᠡᠵᠢᠩ ᠳᠠᠬᠢ ᠪᠣᠷᠣᠯᠠᠭᠤᠯᠤᠯᠲᠠ ᠶᠢᠨ ᠬᠡᠮᠵᠢᠶ᠎ᠡ 208.65 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠤ ᠬᠢ ᠠᠴᠠ 47 ᠳ᠋ᠦᠩᠰᠢᠭᠤᠷ ᠭᠠᠷᠤᠢ ᠲᠥᠭᠦᠷᠢᠭ ᠨᠡᠮᠡᠭᠳᠡᠨ᠂ 29.38% ᠪᠠᠷ ᠨᠡᠮᠡᠭᠳᠡᠵᠡᠢ᠃   ᠣᠶᠢᠯᠠᠭᠠᠭᠰᠠᠨ ᠢᠶᠠᠷ᠂ 2023 ᠣᠨ ᠳᠤ ᠪᠡᠭᠡᠵᠢᠩ ᠥᠪᠥᠷ ᠮᠣᠩᠭᠤᠯ ᠬᠤᠶᠠᠷ ᠭᠠᠵᠠᠷ ᠬᠠᠷᠢᠴᠠᠭᠤᠯᠤᠭᠰᠠᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠡᠷᠡᠭᠯᠡᠭᠡᠨ ᠤ ᠬᠠᠪᠰᠤᠷᠤᠨ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠨᠴᠠᠯᠢᠭᠲᠤ ᠨᠠᠷᠠᠲᠤ ᠲᠥᠷᠥᠯ ᠲᠡᠮᠳᠡᠭ ᠤᠨ ᠰᠢᠰᠲ᠋ᠧᠮ ᠢ ᠪᠣᠶ ᠪᠣᠯᠭᠠᠬᠤ᠂ ᠬᠠᠨᠳᠤᠯᠭ᠎ᠠ ᠲᠠᠢ ᠪᠠᠷ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠬᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠠᠷᠭ᠎ᠠ ᠵᠠᠮ ᠢ ᠥᠷᠭᠡᠳᠬᠡᠬᠦ᠂ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠬᠤ ᠵᠡᠷᠭᠡ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠮᠠᠨ ᠤ ᠣᠷᠣᠨ ᠤ ᠴᠢᠨᠠᠷ ᠰᠠᠶᠢᠲᠠᠢ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠥᠬᠦ ᠤᠯᠤᠰ ᠤᠨ ᠲᠣᠮᠣ ᠵᠠᠬ᠎ᠠ ᠳᠡᠯᠭᠡᠭᠦᠷ ᠲᠤ ᠣᠷᠣᠬᠤ ᠶᠢ ᠲᠦᠯᠬᠢᠨ ᠠᠬᠢᠭᠤᠯᠪᠠ᠃   ᠮᠠᠨ ᠤ ᠣᠷᠣᠨ ︽ᠪᠣᠬᠢᠷᠲᠤᠯ ᠦᠭᠡᠢ ᠪᠦᠲᠦᠭᠡᠭᠳᠡᠬᠦᠨ ᠢ ᠪᠣᠭᠤᠮᠲᠠ ᠠᠴᠠ ᠭᠠᠷᠭᠠᠬᠤ︾ ᠲᠦᠷᠦᠯ ᠳᠡᠮᠳᠡᠭ ᠢ ᠬᠦᠴᠦᠯᠡᠨ ᠪᠣᠶ ᠪᠣᠯᠭᠠᠵᠤ᠂ ᠤᠷᠢᠳ ᠬᠤᠵᠢᠳ ᠴᠦᠩᠴᠢᠩ ᠬᠤᠲᠠ᠂ ᠪᠡᠭᠡᠵᠢᠩ ᠬᠤᠲᠠ ᠳᠤ ︽ᠪᠣᠬᠢᠷᠲᠤᠯ ᠦᠭᠡᠢ ᠪᠦᠲᠦᠭᠡᠭᠳᠡᠬᠦᠨ ᠢ ᠪᠣᠭᠤᠮᠲᠠ ᠠᠴᠠ ᠭᠠᠷᠭᠠᠬᠤ︾ ᠬᠡᠷᠡᠭᠯᠡᠭᠡᠨ ᠤ ᠬᠠᠪᠰᠤᠷᠤᠨ ᠲᠡᠳᠬᠦᠬᠦ ᠲᠥᠪᠯᠡᠷᠡᠭᠦᠯᠦᠨ ᠴᠤᠭᠯᠠᠭᠤᠯᠬᠤ ᠲᠠᠨᠢᠯᠴᠠᠭᠤᠯᠬᠤ ᠬᠤᠷᠠᠯ ᠢ ᠬᠤᠶᠠᠷ ᠤᠳᠠᠭ᠎ᠠ ᠵᠣᠬᠢᠶᠠᠨ ᠪᠠᠶᠢᠭᠤᠯᠵᠤ᠂ ᠬᠤᠳᠠᠯᠳᠤᠨ ᠠᠪᠬᠤ ᠰᠠᠨᠠᠮᠵᠢ ᠶᠢ ᠨᠡᠶᠢᠲᠡ 266 ᠳ᠋ᠦᠩᠰᠢᠭᠤᠷ ᠲᠥᠭᠦᠷᠢᠭ ᠲᠣᠬᠢᠷᠠᠭᠤᠯᠵᠤ᠂ ︽ᠪᠣᠬᠢᠷᠲᠤᠯ ᠦᠭᠡᠢ ᠪᠦᠲᠦᠭᠡᠭᠳᠡᠬᠦᠨ ᠢ ᠪᠣᠭᠤᠮᠲᠠ ᠠᠴᠠ ᠭᠠᠷᠭᠠᠬᠤ︾ ᠨᠢ ᠡᠳᠦᠷ ᠢᠷᠡᠬᠦᠶ᠎ᠡ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠭᠡ ᠲᠡᠮᠳᠡᠭ ᠤᠨ ᠴᠢᠨᠠᠷᠲᠠᠢ ᠨᠠᠷᠠᠲᠤ ᠲᠦᠷᠦᠯ ᠲᠡᠮᠳᠡᠭ ᠪᠣᠯᠵᠤ ᠪᠠᠶᠢᠨ᠎ᠠ᠃   ᠣᠶᠢᠷ᠎ᠠ ᠶᠢᠨ ᠵᠢᠯ ᠠᠴᠠ᠂ ᠥᠪᠡᠷᠲᠡᠭᠡᠨ ᠵᠠᠰᠠᠬᠤ ᠣᠷᠣᠨ ᠡᠬᠢ ᠪᠠᠶᠠᠯᠢᠭ ᠤᠨ ᠤᠭ ᠰᠤᠷᠪᠤᠯᠵᠢ ᠪᠣᠯᠣᠨ ᠬᠥᠭᠵᠢᠯᠲᠡ ᠶᠢᠨ ᠰᠠᠭᠤᠷᠢ ᠳᠠᠭᠠᠨ ᠰᠠᠭᠤᠷᠢᠯᠠᠵᠤ᠂ ᠪᠡᠭᠡᠵᠢᠩ ᠬᠤᠳᠠ ᠶᠢᠨ ᠲᠠᠷᠢᠶᠠᠯᠠᠩ ᠳᠤ ᠬᠤᠯᠪᠣᠭᠳᠠᠬᠤ ᠲᠣᠮᠣ ᠬᠡᠯᠪᠡᠷᠢ ᠶᠢᠨ ᠠᠵᠤ ᠠᠬᠤᠶᠢᠯᠠᠯ ᠢ 100 ᠭᠠᠷᠤᠢ ᠣᠷᠣᠭᠤᠯᠤᠨ ᠠᠪᠴᠢᠷᠠᠵᠠᠢ᠃ ︽ᠬᠢᠩᠭᠠᠨ ᠠᠶᠢᠮᠠᠭ ᠤᠨ ᠲᠤᠲᠤᠷᠭ᠎ᠠ᠂ ︽ᠰᠢᠯᠢ ᠶᠢᠨ ᠭᠤᠣᠯ ᠤᠨ ᠬᠤᠨᠢᠨ ᠮᠢᠬ᠎ᠠ︾᠂ ︽ᠤᠯᠠᠭᠠᠨᠬᠠᠳᠠ ᠶᠢᠨ ᠡᠯᠳᠡᠪ ᠠᠮᠤ︾᠂ ︽ᠪᠣᠷᠣᠳᠣᠬᠤᠢ ᠶᠢᠨ ᠭᠤᠯᠢᠷ︾ ᠵᠡᠷᠭᠡ ᠦᠪᠦᠷ ᠮᠣᠩᠭᠤᠯ ᠤᠨ ᠲᠦᠷᠦᠯ ᠳᠡᠮᠳᠡᠭᠳᠤ ᠪᠦᠲᠦᠭᠡᠭᠳᠡᠬᠦᠨ ᠨᠡᠶᠢᠰᠯᠡᠯ ᠳᠤ ᠠᠯᠳᠠᠷᠰᠢᠵᠤ᠂ ᠬᠥᠬᠡᠮᠥ᠋ᠷᠡᠨ ᠤ ᠡᠮᠦᠨ᠎ᠡ ᠤᠮᠠᠷ᠎ᠠ ᠳᠤ ᠪᠣᠷᠤᠯᠠᠭᠤᠯᠭ᠎ᠠ ᠰᠠᠶᠢᠲᠠᠢ ᠪᠠᠶᠢᠨ᠎ᠠ᠃ ᠡᠭᠦᠨ ᠤ ᠬᠠᠮᠲᠤ᠂ ᠮᠠᠨ ᠤ ᠣᠷᠣᠨ ᠡᠯᠧᠺᠳ᠋ᠷᠣᠨ ᠬᠤᠳᠠᠯᠳᠤᠭᠠᠨ ᠤ ᠲᠠᠪᠴᠠᠩ ᠯᠤᠭ᠎ᠠ ᠶᠢᠨ ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠵᠢᠩ ᠳ᠋ᠦᠩ ᠲᠠᠪᠴᠠᠩ ᠳᠤ ᠳᠤᠮᠳᠠᠳᠤ ᠤᠯᠤᠰ ᠤᠨ ᠣᠨᠴᠠ ᠭᠠᠷᠤᠯᠲᠠ ᠶᠢᠨ ᠥᠪᠥᠷ ᠮᠣᠩᠭᠤᠯ ᠤᠨ ᠣᠷᠳᠣᠨ᠂ ᠣᠷᠣᠨ ᠨᠤᠲᠤᠭ ᠤᠨ ᠣᠨᠴᠠᠯᠢᠭᠲᠤ ᠣᠷᠳᠣᠨ ᠨᠡᠶᠢᠲᠡ 32 ᠭᠠᠷᠭᠠᠵᠤ᠂ ᠤᠷᠤᠰᠴᠠ ᠶᠢᠨ ᠬᠡᠮᠵᠢᠶ᠎ᠡ ᠪᠠᠷ ᠪᠣᠷᠤᠯᠠᠭᠤᠯᠭ᠎ᠠ ᠶᠢᠨ ᠬᠡᠮᠵᠢᠶ᠎ᠡ ᠶᠢ ᠠᠬᠢᠭᠤᠯᠪᠠ᠃ 
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号