ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠵᠢᠷᠤᠭ ᠢᠶᠠᠷ ᠲᠠᠶᠢᠯᠬᠤᠢ
ᠨᠡᠶᠢᠲᠡᠯᠡᠭᠰᠡᠨ ᠴᠠᠭ᠄
2024/3/7

2023 ᠤᠨ ᠤ ᠠᠵᠢᠯ ᠤᠨ ᠡᠷᠭᠢᠴᠡᠭᠦᠯᠦᠯ

ᠥᠩᠭᠡᠷᠡᠭᠰᠡᠨ ᠨᠢᠭᠡ ᠵᠢᠯ ᠪᠤᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ

ᠲᠤᠭᠤᠰᠢᠯᠠᠭᠤᠯᠬᠤ ᠡᠬᠢᠯᠡᠯᠲᠡ ᠶᠢᠨ ᠵᠢᠯ ᠮᠦᠨ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ

ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠠᠩᠬᠠᠳᠠᠭᠴᠢ ᠵᠢᠯ ᠮᠥᠨ᠃ ᠲᠦᠢᠯ ᠤᠨ ᠲᠥᠪᠡᠭ ᠪᠤᠳᠤᠯᠢᠶᠠᠨᠲᠠᠢ ᠣᠯᠠᠨ

ᠤᠯᠤᠰ ᠤᠨ ᠣᠷᠴᠢᠨ ᠨᠥᠬᠦᠴᠡᠯ ᠪᠠ ᠤᠯᠤᠰ ᠤᠨ ᠳᠣᠲᠤᠭᠠᠳᠤ ᠶᠢᠨ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ

ᠪᠠᠶᠢᠯᠭᠠᠬᠤ ᠬᠠᠲᠠᠭᠤ ᠪᠡᠷᠬᠡ ᠨᠥᠰᠡᠷ ᠬᠥᠨᠳᠥ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ

ᠨᠠᠮ ᠤᠨ ᠲᠥᠪ ᠬᠤᠷᠢᠶ᠎ᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ

ᠳᠠᠭᠠᠭᠤᠯᠵᠤ᠂ ᠭᠠᠳᠠᠭᠠᠳᠤ ᠳᠠᠷᠤᠯᠲᠠ ᠶᠢ ᠲᠤᠯᠵᠤ᠂ ᠳᠣᠲᠣᠭᠠᠳᠤ ᠪᠡᠷᠬᠡᠰᠢᠶᠡᠯ ᠢ ᠢᠯᠠᠨ ᠲᠠᠪᠠᠵᠤ᠂ ᠰᠢᠷᠭᠠᠭᠤ

ᠬᠠᠳᠠᠭᠤᠵᠢᠯᠳᠠᠢ ᠴᠢᠷᠮᠠᠶᠢᠯᠭ᠎ᠠ ᠭᠠᠷᠭᠠᠪᠠ᠃ ᠰᠢᠨ᠎ᠡ ᠲᠢᠲᠢᠮᠯᠢᠭ ᠠᠭᠤᠰᠭᠢᠨ ᠦᠷᠪᠢᠰᠤᠯ ᠤᠨ ᠬᠢᠵᠢᠭ ᠢ ᠰᠡᠷᠭᠡᠶᠢᠯᠡᠨ

ᠬᠢᠵᠠᠭᠠᠷᠯᠠᠬᠤ ᠠᠵᠢᠯ ᠯᠠᠪᠳᠠᠭᠤᠨ ᠲᠣᠭᠲᠠᠭᠤᠨ ᠢᠶᠠᠷ ᠱᠠᠳᠤ ᠰᠢᠯᠵᠢᠵᠤ᠂ ᠴᠢᠬᠤᠯᠠ ᠶᠡᠭᠡ ᠰᠢᠢᠳᠪᠤᠷᠢᠯᠡᠭᠴᠢ ᠴᠢᠨᠠᠷᠲᠠᠶ

ᠢᠯᠠᠯᠲᠠ ᠣᠯᠵᠤ᠂ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠪᠣᠯᠬᠤ ᠬᠠᠷᠠᠯᠲᠠ ᠡᠭᠦᠷᠭᠡ ᠶᠢ

ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠳᠤᠳᠠᠢ ᠠᠬᠢᠭᠤᠯᠵᠤ᠂ ᠨᠡᠶᠢᠭᠡᠮ ᠤᠨ

ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ

ᠪᠦᠳᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠶ ᠠᠯᠬᠤᠮ ᠢ ᠠᠯᠬᠤᠪᠠ᠃

ᠠᠵᠤ ᠠᠬᠤᠶ ᠶᠡᠷᠦᠩᠬᠡᠶ ᠳᠡᠭᠡᠨ ᠰᠡᠷᠬᠦᠨ ᠰᠠᠶᠢᠵᠢᠷᠠᠪᠠ

ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ 126 ᠲᠦᠮᠡᠨ ᠳ᠋ᠦᠩᠰᠢᠭᠤᠷ ᠲᠥᠭᠦᠷᠢᠭ ᠲᠤ

ᠬᠦᠷᠴᠦ᠂ 5.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠯᠡᠬᠡᠶ ᠶᠢᠨ ᠭᠤᠤᠯ ᠪᠤᠯᠬᠤ ᠠᠵᠤ ᠠᠬᠤᠶ ᠶᠢᠨ

ᠴᠣᠭᠴᠠ ᠶᠢᠨ ᠡᠮᠦᠨ᠎ᠡ ᠡᠩᠨᠡᠭᠡᠨ ᠳᠤ ᠣᠷᠣᠪᠠ

ᠬᠤᠲᠠ ᠪᠠᠯᠭᠠᠰᠤᠨ ᠳᠤ ᠠᠵᠢᠯ ᠤᠯᠤᠭᠰᠠᠨ ᠬᠥᠮᠤᠨ 1244 ᠲᠦᠮᠡ ᠰᠢᠨ᠎ᠡ ᠪᠠᠷ ᠨᠡᠮᠡᠭᠳᠡᠪᠡ

ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠳᠤᠮᠳᠠᠴᠢ ᠪᠠᠷ 5.2% ᠪᠣᠯᠪᠠ

ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ 0.2% ᠢᠶᠠᠷ ᠥᠰᠪᠡ

ᠤᠯᠠᠨ ᠤᠯᠤᠰ ᠤᠨ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠶ ᠪᠤᠯᠪᠠ᠃

ᠠᠮᠤᠷ ᠲᠥᠪᠰᠢᠨ ᠬᠥᠭᠵᠢᠯᠲᠡ ᠶᠢᠨ ᠰᠠᠭᠤᠷᠢ ᠶᠢ ᠪᠠᠬᠢᠵᠢᠬᠦᠯᠪᠡ

ᠠᠮᠤ ᠪᠤᠳᠠᠭᠠᠨ ᠤ ᠤᠨᠠᠯᠳᠠ 1.39 ᠲᠦᠮᠡᠨ ᠳ᠋ᠦᠩᠰᠢᠭᠤᠷ ᠵᠢᠩ ᠳᠤ ᠬᠦᠷᠴᠦ᠂ ᠲᠡᠤᠬᠡ   ᠶᠢᠨ ᠰᠢᠨ᠎ᠡ ᠲᠡᠮᠳᠡᠭᠯᠡᠯ ᠢ

ᠳᠠᠬᠢᠨᠲᠠ ᠡᠭᠦᠳᠪᠡ

ᠡᠨᠧᠷᠭᠢ ᠶᠢᠨ ᠡᠬᠢ ᠪᠠᠶᠠᠯᠢᠭ ᠤᠨ ᠬᠠᠩᠭᠠᠯᠭ᠎ᠠ ᠲᠣᠭᠲᠠᠭᠤᠨ ᠪᠤᠯᠪᠠ

ᠴᠢᠬᠤᠯᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ ᠡᠵᠡᠮᠳᠡᠬᠦ ᠴᠢᠳᠠᠪᠤᠷᠢ

ᠳᠡᠭᠡᠭᠰᠢᠯᠡᠪᠠ

ᠠᠵᠤ ᠠᠬᠤᠶ ᠮᠥᠩᠭᠦᠨ ᠬᠥᠢᠯᠭᠡᠭᠡᠨ ᠤ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠯᠠᠪᠳᠠᠭᠤᠨ ᠢᠶᠠᠷ

ᠠᠷᠢᠯᠭᠠᠪᠠ

ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ

ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠴᠢᠬᠤᠯᠠ ᠠᠬᠢᠯᠳᠠ ᠲᠠᠢ ᠪᠣᠯᠪᠠ

ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠳᠦᠷᠭᠡᠳᠭᠡᠪᠡ

ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠥᠷᠨᠢᠩᠬᠦᠢ ᠬᠥᠭᠵᠢᠪᠡ

ᠢᠷᠡᠭᠡᠳᠦᠶ ᠶᠢᠨ ᠠᠵᠤ ᠦᠢᠯᠡᠰ ᠢ ᠡᠮᠬᠢ ᠵᠢᠷᠤᠮ ᠲᠠᠢ ᠪᠠᠶᠢᠷᠢᠯᠠᠭᠤᠯᠪᠠ

ᠲᠡᠷᠢᠭᠦᠨ ᠤ ᠦᠢᠯᠡᠳᠬᠦ ᠦᠢᠯᠡᠰ ᠪᠤᠯᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠭᠦᠨᠵᠡᠭᠡᠶ ᠠᠭᠤᠰᠤᠯᠴᠠᠭᠤᠯᠪᠠ

ᠨᠢᠭᠡ ᠪᠦᠯᠦᠭ ᠴᠢᠬᠤᠯᠠ ᠶᠡᠭᠡ ᠠᠵᠤ ᠦᠢᠯᠡᠰ ᠤᠨ ᠰᠢᠨ᠎ᠡ ᠡᠭᠦᠳᠦᠯᠳᠠ ᠶᠢᠨ ᠦᠷ᠎ᠡ ᠪᠦᠲᠦᠭᠡᠯ ᠳᠡᠯᠡᠬᠡᠶ ᠶᠢᠨ ᠲᠡᠷᠢᠭᠦᠨ ᠤ

ᠲᠦᠪᠰᠢᠨ ᠳᠤ ᠬᠦᠷᠪᠡ

ᠤᠯᠤᠰ ᠲᠠᠭᠠᠨ ᠦᠢᠯᠡᠳᠪᠦᠷᠢᠯᠡᠭᠰᠡᠨ ᠲᠣᠮᠣ ᠨᠢᠰᠭᠡᠯ C919 ᠶᠢ ᠬᠤᠳᠠᠯᠳᠤᠭᠠᠨ ᠤ ᠠᠵᠢᠯᠯᠠᠭᠠᠨ ᠳᠤ ᠤᠷᠤᠭᠤᠯᠪᠠ

ᠣᠯᠣᠰ ᠲᠠᠭᠠᠨ ᠦᠢᠯᠡᠳᠪᠦᠷᠢᠯᠡᠭᠰᠡᠨ ᠲᠤᠮᠤ ᠬᠡᠯᠪᠡᠷᠢ ᠶᠢᠨ ᠰᠢᠦᠳᠠᠨ ᠤ ᠬᠥᠯᠭᠡ ᠣᠩᠭᠤᠴᠠ ᠶᠢ ᠠᠮᠵᠢᠯᠲᠠ ᠲᠠᠢ ᠪᠠᠷ

ᠦᠢᠯᠡᠳᠴᠤ ᠭᠠᠷᠭᠠᠪᠠ

ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠭᠰᠡᠨ ᠪᠠ ᠪᠣᠷᠤᠯᠠᠭᠤᠯᠤᠭᠰᠠᠨ ᠬᠡᠮᠵᠢᠶ᠎ᠡ ᠶᠢᠨ ᠪᠦᠬᠦ ᠪᠥᠮᠪᠥᠷᠴᠡᠭ ᠲᠤ

ᠡᠵᠡᠯᠡᠬᠦ ᠬᠤᠪᠢ ᠶᠢᠨ ᠵᠢᠩ 60% ᠶᠢ ᠳᠠᠪᠠᠪᠠ

ᠠᠮᠢ ᠠᠬᠤᠢ ‍ᠤᠷᠴᠢᠨ ᠲᠤᠭᠤᠷᠢᠨ ᠤ ᠶᠠᠰᠤ ᠴᠢᠨᠠᠷ ᠢ ᠲᠣᠭᠲᠠᠭᠤᠨ ᠪᠠᠶᠢᠯᠭᠠᠬᠤ ᠶᠢᠨ ᠬᠠᠮᠳᠤ ᠰᠠᠶᠢᠵᠢᠷᠠᠭᠤᠯᠪᠠ

ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠶᠢ ᠰᠢᠢᠳᠪᠦᠷᠢᠯᠡᠬᠦ ᠠᠵᠢᠯ ᠢ ᠭᠦᠨᠵᠡᠭᠡᠶ ᠥᠷᠨᠢᠭᠦᠯᠵᠦ᠂ ᠭᠤᠣᠯ

ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠳᠡ ᠶᠢᠨ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ ᠭᠠᠵᠠᠷ ᠤᠨ

ᠭᠠᠳᠠᠷᠭᠤ ᠶᠢᠨ ᠤᠰᠤ ᠪᠠ ᠡᠷᠭᠢ ᠣᠶᠢᠷᠠᠯᠴᠠᠭ᠎ᠠ ᠲᠠᠯᠠᠢ ᠶᠢᠨ ᠣᠷᠣᠨ ᠤ ᠤᠰᠤᠨ ᠤ ᠴᠢᠨᠠᠷ ᠢ ᠦᠷᠭᠦᠯᠵᠢᠯᠡᠨ

ᠰᠠᠶᠢᠵᠢᠷᠠᠭᠤᠯᠪᠠ

︽ᠤᠮᠠᠷᠠᠳᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠤᠭᠤᠮᠳᠠ ᠰᠢᠪᠳᠤᠯᠬᠤ ᠶᠢ ᠰᠢᠢᠳᠪᠦᠷᠢᠯᠡᠬᠦ ᠠᠵᠢᠯ ᠢ ᠪᠦᠬᠦ

ᠲᠠᠯ᠎ᠠ ᠪᠠᠷ ᠡᠬᠢᠯᠡᠭᠦᠯᠪᠡ

ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠢᠯᠴᠢ ᠶᠢᠨ

ᠴᠠᠬᠢᠯᠭᠠᠨ ᠠᠴᠠ ᠲᠡᠦᠬᠡᠲᠦ ᠴᠢᠨᠠᠷᠲᠠᠢ ᠪᠠᠷ ᠳᠠᠪᠠᠵᠤ᠂ ᠪᠦᠬᠦ ᠵᠢᠯ ᠳᠤ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠪᠦᠬᠦ

ᠪᠥᠮᠪᠥᠷᠴᠡᠭ ᠤᠨ ᠬᠠᠭᠠᠰ ᠠᠴᠠ ᠳᠠᠪᠠᠪᠠ

ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠰᠢᠨ᠎ᠡ ᠰᠢᠪᠲᠤᠯᠤᠯᠲᠠ ᠲᠠᠢ ᠪᠤᠯᠪᠠ

ᠤᠯᠤᠰ ᠤᠨ ᠲᠤᠷᠰᠢᠯᠲᠠ ᠶᠢᠨ ᠲᠠᠰᠤᠭ ᠤᠨ ᠰᠢᠰᠲ᠋ᠧᠮ ᠤᠨ ᠪᠦᠳᠤᠭᠡᠨ ᠪᠠᠶᠢᠭᠤᠯᠤᠯᠲᠠ ᠶᠢ ᠬᠦᠴᠦᠲᠡᠶ ᠠᠬᠢᠭᠤᠯᠪᠠ

ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠤᠭᠤᠮᠳᠠ ᠰᠢᠪᠳᠤᠯᠬᠤ ᠶᠢ ᠰᠢᠢᠳᠪᠤᠷᠢᠯᠡᠬᠦ ᠠᠵᠢᠯ ᠡᠯᠪᠡᠭ ᠦᠷ᠎ᠡ ᠪᠦᠲᠦᠭᠡᠯ

ᠣᠯᠪᠠ

ᠠᠭᠠᠷ ᠤᠨ ᠠᠶᠠᠯᠠᠯ ᠤᠨ ᠬᠥᠳᠡᠯᠭᠡᠭᠦᠷ ᠮᠠᠰᠢᠨ᠂ ᠰᠢᠲᠠᠮᠠᠬᠠᠶ ᠬᠡᠢ ᠶᠢᠨ ᠲᠦᠷᠪᠢᠨ᠂ ᠳᠥᠷᠪᠡᠳᠦᠭᠡᠷ ᠦᠶ᠎ᠡ ᠶᠢᠨ ᠴᠥᠮ᠎ᠡ ᠶᠢᠨ

ᠴᠠᠬᠢᠯᠭᠠᠨ ᠤ ᠮᠠᠰᠢᠨ ᠴᠣᠭᠴᠠᠯᠠᠪᠤᠷᠢ ᠵᠡᠷᠭᠡ ᠳᠡᠭᠡᠳᠦ ᠲᠡᠰ ᠤᠨ ᠲᠣᠨᠣᠭᠯᠠᠯ ᠢ ᠰᠤᠳᠤᠯᠤᠨ ᠦᠢᠯᠡᠳᠬᠦ ᠠᠵᠢᠯ ᠲᠦᠷᠭᠡᠨ

ᠬᠥᠭᠵᠢᠪᠠ

ᠵᠣᠬᠢᠶᠠᠮᠠᠯ ᠤᠶᠤᠨᠯᠢᠬ᠂ ᠺᠸᠠᠨ᠋ᠲ ᠤᠨ ᠮᠡᠷᠭᠡᠵᠢᠯ ᠵᠡᠷᠭᠡ ᠬᠤᠰᠢᠭᠤᠷᠠᠯ ᠬᠦᠷᠢᠶᠡᠨ ᠳᠠᠬᠢ ᠰᠢᠨ᠎ᠡ ᠡᠭᠦᠳᠤᠯᠳᠠ ᠶᠢᠨ ᠦᠷ᠎ᠡ

ᠪᠦᠲᠦᠭᠡᠯ ᠲᠠᠰᠤᠷᠠᠯᠳᠠ ᠦᠭᠡᠢ ᠴᠣᠯᠭᠤᠷᠠᠨ ᠭᠠᠷᠪᠠ

ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠲᠤᠬᠢᠷᠠᠭᠰᠠᠨ ᠲᠤᠭ᠎ᠠ 28.6% ᠪᠠᠷ ᠨᠡᠮᠡᠭᠳᠡᠪᠡ

ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠴᠢᠳᠠᠪᠤᠷᠢ ᠦᠷᠭᠦᠯᠵᠢᠯᠡᠨ ᠳᠡᠭᠡᠭᠰᠢᠯᠡᠪᠡ

ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠢ ᠪᠣᠯᠪᠠ

ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6.1% ᠪᠠᠷ ᠨᠡᠮᠡᠭᠳᠡᠵᠦ᠂ ᠬᠤᠳᠠ

ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠪᠠ

ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ

ᠥᠷᠭᠡᠳᠭᠡᠵᠦ᠂ ᠶᠠᠳᠠᠭᠤ ᠠᠴᠠ ᠠᠩᠭᠢᠵᠢᠷᠠᠬᠰᠠᠨ ᠭᠠᠵᠠᠷ ᠣᠷᠣᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ

ᠣᠷᠣᠯᠭ᠎ᠠ 8.4% ᠪᠠᠷ ᠨᠡᠮᠡᠭᠳᠡᠪᠡ

ᠠᠯᠪᠠᠨ ᠵᠢᠷᠤᠮ ᠤᠨ ᠰᠤᠷᠭᠠᠨ ᠬᠥᠮᠦᠵᠢᠯ᠂ ᠨᠠᠰᠤᠵᠢᠯ ᠤᠨ ᠦᠨᠳᠦᠰᠦᠨ ᠠᠰᠠᠷᠠᠮᠵᠢ᠂ ᠦᠨᠳᠦᠰᠦᠨ ᠡᠮ ᠡᠮᠨᠡᠯᠭᠡ ᠵᠡᠷᠭᠡ ᠶᠢᠨ

ᠡᠳ᠋ ᠤᠨ ᠵᠠᠰᠠᠭ ᠤᠨ ᠨᠥᠬᠦᠪᠥᠷᠢ ᠶᠢᠨ ᠡᠷᠴᠢᠮ ᠢ ᠴᠢᠩᠭᠠᠷᠠᠭᠤᠯᠵᠤ᠂ ᠠᠪᠤᠷᠠᠨ ᠲᠤᠰᠠᠯᠠᠯᠳᠠ ᠶᠢᠨ ᠪᠠᠲᠤᠯᠠᠭ᠎ᠠ ᠬᠥᠷᠳᠡᠬᠦ

ᠡᠲᠡᠭᠡᠳ ᠤᠨ ᠬᠡᠪᠴᠢᠶ᠎ᠡ ᠥᠷᠭᠡᠳᠪᠡ

ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠳᠠᠬᠢ ︽ᠨᠠᠰᠤᠳᠠᠨ ᠢ ᠠᠰᠠᠷᠠᠬᠤ ᠪᠠ ᠭᠡᠤᠭᠡᠳ ᠬᠥᠮᠤᠵᠢᠬᠦᠯᠬᠦ︾

ᠲᠤᠰᠬᠠᠶ ᠵᠦᠢᠯ ᠤᠨ ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ 6600 ᠭᠠᠷᠤᠶ ᠲᠦᠮᠡᠨ ᠭᠠᠶᠢᠯᠢ

ᠲᠤᠰᠢᠶᠠᠭᠴᠢ ᠠᠰᠢᠭ ᠬᠦᠷᠲᠡᠪᠡ

ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠪᠠ ᠪᠠᠲᠤᠯᠠᠭ᠎ᠠ ᠶᠢᠨ ᠴᠢᠨᠠᠷᠲᠠᠢ ᠣᠷᠣᠨ

ᠰᠠᠭᠤᠴᠠ ᠶᠢᠨ ᠬᠠᠩᠭᠠᠯᠭ᠎ᠠ ᠶᠢ ᠴᠢᠩᠭᠠᠳᠬᠠᠵᠤ᠂ ᠮᠢᠩᠭᠠᠨ ᠲᠦᠮᠡ ᠠᠴᠠ ᠲᠡᠭᠡᠭᠰᠢ ᠭᠡᠷ ᠪᠦᠯᠢ ᠠᠰᠢᠭ ᠬᠦᠷᠲᠡᠪᠠ

ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ

ᠰᠢᠨ᠎ᠡ ᠨᠢᠭᠡᠨ ᠡᠭᠡᠯᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠪ ᠤᠨ ᠳᠡᠰ ᠳᠠᠪᠬᠤᠷᠭ᠎ᠠ ᠳᠠᠬᠢ ᠥᠭᠡᠷᠡᠴᠢᠯᠡᠯᠲᠡ

ᠢᠢ ᠦᠨᠳᠦᠰᠦᠨ ᠳᠡᠭᠡᠨ ᠪᠡᠶᠡᠯᠡᠭᠦᠯᠵᠦ᠂ ᠣᠷᠣᠨ ᠨᠤᠲᠤᠭ ᠤᠨ ᠳᠡᠰ ᠳᠠᠪᠬᠤᠷᠭ᠎ᠠ ᠶᠢᠨ ᠥᠭᠡᠷᠡᠴᠢᠯᠡᠯᠲᠡ ᠶᠢ ᠡᠮᠬᠢ

ᠵᠢᠷᠤᠮ ᠲᠠᠢ ᠪᠠᠷ ᠶᠠᠪᠤᠭᠳᠠᠭᠤᠯᠪᠠ

ᠪᠦᠬᠦ ᠤᠯᠤᠰ ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠪᠠ

ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ

ᠬᠡᠷᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠦᠷᠦ ᠶᠢᠨ

ᠪᠤᠳᠤᠯᠭ᠎ᠠ ᠶᠢ ᠨᠡᠶᠢᠲᠡᠯᠡᠪᠡ

ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠤᠯᠠᠮ

ᠨᠢᠭᠡ ᠠᠯᠬᠤᠮ ᠲᠡᠭᠦᠯᠳᠡᠷᠵᠢᠭᠦᠯᠪᠡ

ᠤᠯᠠᠨ ᠤᠯᠤᠰ ᠤᠨ ᠵᠠᠬ᠎ᠠ ᠲᠡᠯᠬᠡᠬᠦᠷ ᠲᠤ ᠡᠵᠡᠯᠡᠬᠦ ᠭᠠᠳᠠᠭᠠᠳᠣ ᠭᠠᠷᠭᠠᠯᠳᠠ ᠶᠢᠨ ᠨᠤᠭᠳᠠᠯ ᠤᠨ ᠲᠤᠬᠳᠠᠭᠤᠨ ᠪᠠᠶᠢᠳᠠᠯ ᠢ

ᠪᠠᠳᠤᠯᠠᠵᠤ᠂ ᠭᠠᠳᠠᠭᠠᠳᠤ ᠪᠡᠯᠡ ᠶᠢ ᠪᠣᠳᠠᠲᠠᠢ ᠬᠡᠷᠡᠭᠯᠡᠭᠦ ᠪᠦᠲᠦᠴᠡ ᠶᠢ ᠰᠢᠯᠢᠳᠡᠭᠵᠢᠭᠦᠯᠵᠦ᠂ ︽ᠨᠢᠭᠡ ᠪᠦᠰᠡ ᠨᠢᠭᠡ ᠵᠠᠮ︾ ᠢ

ᠬᠠᠮᠲᠤ ᠪᠠᠷ ᠪᠠᠶᠢᠭᠤᠯᠬᠤ ᠲᠡᠯᠡᠭᠡᠢ ᠲᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ ᠢ ᠨᠡᠩ ᠢᠯᠡ ᠲᠤᠳᠤ

ᠢᠯᠡᠷᠡᠭᠦᠯᠪᠡ

ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠤᠯᠠᠨ ᠲᠠᠪᠬᠤᠷ ᠪᠡᠷᠭᠡᠰᠢᠶᠠᠯ ᠪᠠ ᠰᠢᠯᠭᠠᠯᠳᠠ ᠰᠣᠯᠪᠢᠴᠠᠨ ᠳᠠᠪᠬᠤᠴᠠᠵᠤ᠂

ᠮᠠᠨ ᠤ ᠤᠯᠤᠰ ᠤᠨ ᠠᠵᠤ ᠠᠬᠤᠢ ᠳᠠᠪᠠᠯᠭᠠᠨ ᠮᠠᠶ᠋ᠢᠭ ᠢᠶᠠᠷ ᠬᠥᠭᠵᠢᠵᠦ᠂ ᠨᠤᠭᠤᠷᠠᠯ ᠪᠦᠳᠦᠷᠢᠯ ᠲᠠᠢ ᠪᠠᠷ ᠤᠷᠤᠭᠰᠢᠯᠠᠨ᠂

ᠠᠮᠵᠢᠯᠲᠠ ᠪᠦᠲᠦᠮᠵᠢ ᠶᠢ ᠬᠢᠯᠪᠠᠷ ᠪᠤᠰᠤ ᠪᠠᠷ ᠤᠯᠤᠭᠰᠠᠨ ᠶᠤᠮ᠃ ᠦᠢᠯᠡᠲᠦᠯᠭᠡ ᠭᠡᠷᠡᠴᠢᠯᠡᠭᠰᠨᠨ ᠨᠢ᠂ ᠰᠢ ᠶᠢᠨ ᠫᠢᠩ

ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ

ᠤᠯᠤᠰ ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭᠤ ᠰᠦᠰᠤ ᠵᠤᠷᠢᠭ᠂ ᠤᠶᠤᠨ

ᠤᠬᠠᠭᠠᠨ᠂ ᠴᠢᠲᠠᠪᠤᠷᠢ ᠲᠠᠢ ᠶᠤᠮ᠂ ᠳᠤᠮᠳᠠᠳᠤ ᠤᠯᠤᠰ ᠤᠨ ᠬᠥᠭᠵᠢᠯᠲᠡ ᠯᠠᠪᠲᠠᠢ ᠰᠠᠯᠬᠢ ᠬᠦᠯᠭᠡᠯᠡᠨ ᠲᠠᠪᠠᠯᠭᠠᠨ ᠢ

ᠵᠦᠰᠦᠵᠤ᠂ ᠭᠡᠭᠡᠨ ᠰᠠᠷᠠᠭᠤᠯ ᠢᠷᠡᠭᠡᠳᠤᠢ ᠲᠡᠶᠢᠰᠢ ᠤᠷᠤᠬᠰᠢᠯᠠᠵᠤ ᠴᠢᠳᠠᠬᠤ ᠶᠤᠮ᠃

ᠨᠢᠭᠡ ᠵᠢᠯ ᠤᠨ ᠲᠤᠷᠰᠢ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ

ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂

ᠨᠠᠮ ᠤᠨ ᠲᠥᠪ ᠬᠤᠷᠢᠶᠠᠨ ᠤ ᠰᠢᠢᠳᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠭᠤᠤᠯᠳᠠᠭᠤ ᠳᠣᠤᠷᠠᠬᠢ

ᠠᠵᠢᠯ ᠤᠳ ᠢ ᠬᠢᠪᠡ

ᠨᠢᠭᠡ ᠳᠤ ᠬᠤᠷᠸ᠎ᠠ ᠲᠣᠬᠢᠷᠠᠭᠤᠯᠤᠯᠳᠠ ᠡᠵᠡᠮᠳᠡᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ ᠠᠵᠢᠯᠯᠠᠭᠠᠨ ᠤ

ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ

︽ᠨᠡᠯᠦ᠋ᠯᠭᠡᠨ ᠤᠰᠤᠯᠠᠬᠤ︾ ᠪᠠ ᠤᠬᠤᠷ ᠬᠤᠭᠤᠴᠠᠭᠠᠨ ᠤ ᠴᠢᠩᠭ᠎ᠠ ᠰᠡᠳᠦᠯᠳᠡ ᠥᠭᠭᠦ ᠶᠢ ᠲᠡᠪᠴᠢᠪᠡ

ᠬᠦᠴᠦᠲᠡᠶ ᠪᠥᠭᠡᠳ ᠪᠦᠲᠦᠮᠵᠢᠲᠡᠶ ᠬᠠᠮ ᠲᠥᠷᠥ ᠶᠢᠨ ᠪᠣᠳᠣᠯᠭ᠎ᠠ ᠶᠢ ᠬᠡᠷᠡᠭᠵᠢᠬᠦᠯᠪᠠ

ᠪᠦᠬᠦ ᠵᠢᠯ ᠳᠤ ᠰᠢᠨ᠎ᠡ ᠪᠠᠷ ᠨᠡᠮᠡᠭᠳᠡᠭᠰᠡᠨ ᠭᠠᠶᠢᠯᠢ ᠰᠦᠢᠳᠭᠡᠯ ᠤᠨ ᠬᠠᠷᠠᠭᠠᠯᠵᠠᠯ 2.2 ᠲᠦᠮᠡᠨ ᠳ᠋ᠦᠩᠰᠢᠭᠤᠷ ᠲᠥᠭᠦᠷᠢᠭ ᠢ

ᠳᠠᠪᠠᠪᠠ

1 ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢ ᠨᠡᠮᠡᠨ ᠲᠠᠷᠬᠠᠭᠠᠪᠠ

ᠬᠤᠶᠠᠷ ᠲᠤ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠲᠡᠰ ᠳᠡᠪᠰᠢᠬᠦ ᠶᠢ ᠬᠥᠲᠥᠯᠥᠨ ᠳᠠᠭᠠᠭᠤᠯᠵᠤ᠂

ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠴᠢᠩᠭᠠᠷᠠᠭᠤᠯᠪᠠ

ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠣᠷᠢ ᠪᠠᠭᠤᠷᠠᠵᠤ ᠪᠠᠶᠢᠭᠰᠠᠨ ᠠᠴᠠ ᠪᠠᠨ ᠨᠡᠮᠡᠭᠳᠡᠪᠡ

ᠲᠤᠭᠠᠴᠢᠯᠠᠬᠰᠠᠨ ᠠᠵᠤ ᠠᠬᠤᠶ ᠲᠦᠷᠭᠡᠨ ᠬᠥᠭᠵᠢᠵᠦ᠂ 5G ᠬᠡᠷᠡᠭᠯᠡᠭᠴᠢ ᠶᠢᠨ ᠲᠦᠭᠡᠮᠡᠯᠵᠢᠭᠰᠡᠨ ᠨᠣᠷᠮ᠎ᠠ 50% ᠶᠢ

ᠳᠠᠪᠠᠪᠠ

ᠪᠠᠶᠢᠩᠭᠤ ᠰᠠᠭᠤᠭ᠎ᠠ ᠬᠦᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 66.2% ᠪᠣᠯᠲᠠᠯ᠎ᠠ ᠳᠡᠭᠡᠭᠰᠢᠯᠡᠭᠦᠯᠪᠡ

ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠮᠢᠩᠭᠠᠨ ᠳ᠋ᠦᠩᠰᠢᠭᠤᠷ ᠵᠢᠩ ᠨᠡᠮᠡᠭᠳᠡᠬᠦᠯᠬᠦ ᠰᠢᠨ᠎ᠡ ᠨᠢᠭᠡ

ᠡᠭᠡᠯᠵᠢ ᠶᠢᠨ ᠠᠵᠢᠯᠯᠠᠭ᠎ᠠ ᠶᠢ ᠬᠡᠷᠡᠭᠵᠢᠭᠦᠯᠪᠡ

ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠭᠡᠵᠦ᠂ ᠬᠤᠳᠠᠯᠳᠤᠭ᠎ᠠ ᠡᠷᠬᠢᠯᠡᠬᠦ ᠣᠷᠴᠢᠨ

ᠨᠥᠬᠦᠴᠡᠯ ᠢ ᠦᠷᠭᠦᠯᠵᠢᠯᠡᠨ ᠰᠢᠯᠢᠳᠡᠭᠵᠢᠬᠦᠯᠪᠡ

ᠪᠦᠬᠦ ᠤᠯᠤᠰ ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ ᠢ ᠪᠦᠳᠦᠭᠡᠨ ᠪᠠᠶᠢᠭᠤᠯᠬᠤ ᠶᠡᠷᠦᠩᠬᠡᠶ ᠠᠵᠢᠯ ᠤᠨ ᠲᠦᠰᠤᠯ ᠢ

ᠨᠡᠶᠢᠲᠡᠯᠡᠪᠡ᠂

ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ᠂ ᠭᠠᠳᠠᠭᠠᠳᠤ ᠪᠡᠯᠡ ᠶᠢᠨ

ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠤᠰ ᠲᠤᠰ ᠭᠠᠷᠭᠠᠪᠠ

ᠴᠠᠬᠢᠯᠭᠠᠨ ᠮᠠᠰᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯᠴᠢ ᠴᠡᠨᠡᠭ ᠤᠨ ᠦᠢᠯᠡᠳᠬᠦᠨ ᠤ ︽ᠰᠢᠨ᠎ᠡ ᠭᠤᠷᠪᠠᠨ ᠵᠦᠢᠯ︾ ᠤᠨ

ᠭᠠᠳᠠᠭᠠᠳᠤ ᠭᠠᠷᠭᠠᠯᠲᠠ 30% ᠰᠢᠬᠠᠮ ᠢᠶᠠᠷ ᠨᠡᠮᠡᠭᠳᠡᠪᠠ

ᠲᠦᠷᠪᠡ ᠳᠤ ᠠᠮᠢ ᠠᠬᠤᠢ ‍ᠣᠷᠴᠢᠨ ᠲᠤᠭᠤᠷᠢᠨ ᠤ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ ᠬᠥᠭᠵᠢᠯᠲᠡ ᠶᠢᠨ ᠠᠷᠭ᠎ᠠ

ᠮᠠᠶ᠋ᠢᠬ ᠤᠨ ᠪᠤᠬᠢᠷᠳᠤᠯ ᠦᠭᠡᠢ ᠬᠤᠪᠢᠷᠠᠭᠤᠯᠤᠯᠳᠠ ᠶᠢ ᠲᠦᠷᠭᠡᠳᠭᠡᠪᠠ

ᠬᠦᠬᠡ ᠲᠡᠭᠷᠢ᠂ ᠬᠦᠬᠡᠮᠳᠦᠭ ᠤᠰᠤ᠂ ᠴᠡᠪᠡᠷ ᠬᠦᠷᠦᠰᠦ ᠶᠢ ᠬᠠᠮᠠᠭᠠᠯᠠᠬᠤ ᠲᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠪᠡ

ᠪᠤᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠠᠵᠤ ᠥᠢᠯᠡᠰ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠤᠯᠭ᠎ᠠ ᠶᠢ

ᠲᠣᠭᠲᠠᠭᠠᠪᠡ

ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠥᠷᠬᠦ ᠲᠤᠷᠰᠢᠯᠲᠠ ᠶᠢᠨ ᠲᠦᠷᠦᠭᠦᠥ ᠪᠦᠯᠦᠭ

ᠬᠤᠳᠠ ᠪᠠ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠪᠡ

ᠲᠠᠪᠤ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠯᠡᠨ ᠰᠠᠶᠢᠲᠤᠷ ᠠᠳᠬᠤᠵᠤ᠂ ᠨᠡᠶᠢᠭᠡᠮ ᠤᠨ ᠦᠢᠯᠡᠰ ᠤᠨ

ᠬᠥᠭᠵᠢᠯᠲᠡ ᠶᠢ ᠠᠬᠢᠭᠤᠯᠪᠡ

ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠭᠡᠬᠦ ᠶᠢ ᠳᠡᠮᠵᠢᠬᠦ

ᠲᠥᠷᠥ ᠶᠢᠨ ᠪᠣᠳᠣᠯᠭ᠎ᠠ ᠶᠢ ᠨᠡᠶᠢᠲᠡᠯᠡᠪᠡ

ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠬᠦᠳᠡᠯᠮᠤᠷᠢ ᠬᠢᠬᠦ ᠬᠡᠪᠴᠢᠶ᠎ᠡ 3300 ᠲᠦᠮᠡ ᠶᠢ ᠳᠠᠪᠠᠪᠠ

ᠴᠢᠲᠠᠪᠣᠷᠢᠲᠠᠨ ᠢ ᠪᠦᠬᠦ ᠲᠠᠯ᠎ᠠ ᠪᠠᠷ ᠬᠦᠮᠦᠵᠢᠬᠦᠯᠦᠨ ᠰᠠᠶᠢᠲᠣᠷ ᠬᠡᠷᠡᠭᠯᠡᠨ᠎ᠡ

ᠣᠷᠦ᠋ᠢᠯᠠᠬᠰᠠᠨ ᠴᠢᠲᠠᠪᠣᠷᠢᠲᠠᠨ ᠢ ᠢᠯᠡᠷᠡᠬᠦᠯᠬᠦ ᠪᠠ ᠬᠦᠮᠦᠵᠢᠬᠦᠯᠬᠦ ᠲᠣᠬᠲᠠᠴᠠ ᠶᠢ ᠲᠡᠬᠦᠯᠲᠡᠷᠵᠢᠬᠦᠯᠦᠨ᠎ᠡ

ᠰᠠᠭᠤᠷᠢ ᠰᠣᠲᠣᠯᠭᠠᠨ ᠤ ᠴᠢᠲᠠᠪᠣᠷᠢᠲᠠᠨ ᠢ ᠬᠦᠮᠦᠵᠢᠬᠦᠯᠬᠦ ᠲᠠᠪᠴᠠᠩ ᠢ ᠪᠦᠲᠦᠭᠡᠨ ᠪᠠᠶᠢᠭᠤᠯᠣᠨ᠎ᠠ

ᠰᠢᠨ᠎ᠡ ᠶᠢ ᠡᠬᠦᠳᠬᠦ ᠦᠷᠲᠡᠭ᠂ ᠴᠢᠲᠠᠪᠣᠷᠢ᠂ ᠬᠤᠪᠢ ᠨᠡᠮᠡᠷᠢ ᠪᠠᠷ ᠣᠲᠣᠷᠢᠲᠣᠮᠵᠢ ᠪᠣᠯᠭᠠᠬᠰᠠᠨ ᠴᠢᠲᠠᠪᠣᠷᠢᠲᠠᠨ ᠢ ᠦᠨᠡᠯᠡᠬᠦ

ᠰᠢᠰᠲ᠋ᠤᠮ ᠢ ᠲᠦᠷᠭᠡᠳᠭᠡᠨ ᠪᠠᠶᠢᠭᠤᠯᠣᠨ᠎ᠠ

ᠠᠵᠢᠯ ᠠᠮᠢᠲᠣᠷᠠᠯ ᠤᠨ ᠪᠠᠲᠣᠯᠠᠭ᠎ᠠ ᠪᠠ ᠬᠦᠬᠢᠬᠦᠯᠦᠨ ᠱᠠᠩᠨᠠᠬᠤ ᠲᠦᠷᠢᠮ ᠢ ᠰᠢᠯᠢᠲᠡᠭᠵᠢᠬᠦᠯᠦᠨ᠎ᠡ

︵ᠭᠤᠷᠪᠠ︶ ᠣᠯᠣᠰ ᠤᠨ ᠲᠣᠲᠣᠭᠠᠲᠣ ᠶᠢᠨ ᠬᠡᠷᠡᠭᠴᠡᠭᠡ ᠶᠢ ᠬᠦᠴᠦᠯᠡᠨ ᠦᠷᠭᠡᠳᠭᠡᠵᠦ ᠠᠵᠦ ᠠᠬᠤᠢ ᠶᠢᠨ ᠰᠠᠶᠢᠨ

ᠣᠷᠴᠢᠯ ᠢ ᠪᠡᠶᠡᠯᠡᠬᠦᠯᠬᠦ ᠶᠢ ᠠᠬᠢᠭᠤᠯᠣᠨ᠎ᠠ

ᠬᠡᠷᠡᠭᠯᠡᠭᠡ ᠶᠢᠨ ᠲᠣᠬᠲᠠᠭᠤᠨ ᠢᠢᠡᠷ ᠨᠡᠮᠡᠭᠲᠡᠬᠦ ᠶᠢ ᠠᠬᠢᠭᠤᠯᠣᠨ᠎ᠠ

ᠰᠢᠨ᠎ᠡ ᠬᠡᠯᠪᠡᠷᠢ ᠶᠢᠨ ᠬᠡᠷᠡᠭᠯᠡᠭᠡ ᠶᠢ ᠪᠤᠶᠢᠵᠢᠭᠤᠯᠣᠨ ᠪᠣᠵᠠᠭᠠᠶᠢᠷᠠᠭᠤᠯᠣᠨ᠎ᠠ

ᠬᠡᠷᠡᠭᠯᠡᠭᠡᠨ ᠤ ᠵᠦᠢᠯ ᠤᠨ ᠬᠠᠭᠤᠴᠢᠨ ᠢᠢᠡᠷ ᠰᠢᠨ᠎ᠡ ᠶᠢ ᠰᠣᠯᠢᠬᠤ ᠶᠢ ᠵᠣᠷᠢᠬᠵᠢᠭᠤᠯᠵᠦ ᠠᠬᠢᠭᠤᠯᠣᠨ᠎ᠠ

ᠣᠶᠣᠨᠴᠢ ᠰᠦᠯᠵᠢᠶ᠎ᠠ ᠰᠢᠨ᠎ᠡ ᠡᠨᠤᠷᠬᠢ ᠶᠢᠨ ᠮᠠᠰᠢᠨ ᠲᠡᠷᠭᠡ᠂ ᠡᠯᠤᠺᠲᠷᠣᠨ ᠦᠢᠯᠡᠳᠬᠦᠨ ᠵᠡᠷᠭᠡ ᠪᠦᠭᠡᠮ ᠬᠡᠷᠡᠭᠯᠡᠭᠡ ᠶᠢ

ᠬᠦᠭᠵᠢᠬᠦᠯᠦᠨ᠎ᠡ

ᠴᠠᠯᠢᠩ ᠲᠠᠢ ᠪᠠᠷ ᠠᠮᠠᠷᠠᠬᠤ ᠲᠦᠷᠢᠮ ᠢ ᠨᠠᠶᠢᠲᠠᠪᠣᠷᠢᠵᠢᠭᠤᠯᠣᠨ᠎ᠠ

ᠪᠦᠲᠦᠮᠵᠢᠲᠡᠢ ᠪᠡᠯᠡ ᠣᠷᠣᠭᠤᠯᠣᠯᠲᠠ ᠶᠢ ᠢᠲᠡᠪᠬᠢᠲᠡᠢ ᠦᠷᠭᠡᠳᠭᠡᠨ᠎ᠡ

       ᠡᠨᠡ ᠵᠢᠯ ᠲᠦᠪ ᠤᠨ ᠲᠦᠰᠦᠪ ᠤᠨ ᠲᠣᠲᠣᠷᠠᠬᠢ ᠪᠡᠯᠡ ᠣᠷᠣᠭᠤᠯᠣᠯᠲᠠ ᠶᠢ 7000 ᠳ᠋ᠦᠩᠰᠢᠭᠤᠷ ᠲᠦᠬᠦᠷᠢᠭ

ᠲᠣᠬᠢᠷᠠᠭᠤᠯᠬᠤ ᠪᠠᠷ ᠲᠦᠯᠦᠪᠯᠡᠵᠦ ᠪᠣᠢ

ᠠᠷᠠᠳ ᠤᠨ ᠬᠦᠷᠦᠩᠭᠡ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠳᠤ ᠣᠷᠣᠯᠴᠠᠬᠤ ᠶᠢ

ᠵᠣᠷᠢᠬᠵᠢᠭᠤᠯᠣᠨ᠎ᠠ

ᠠᠷᠠᠳ ᠤᠨ ᠪᠡᠯᠡ ᠣᠷᠣᠭᠤᠯᠣᠯᠲᠠ ᠶᠢᠨ ᠨᠡᠩ ᠣᠯᠠᠨ ᠬᠦᠷᠢᠶᠡᠨ ᠳᠤ ᠣᠷᠣᠵᠦ ᠢᠷᠡᠵᠦ ᠲᠡᠶᠢᠯᠬᠦ᠂ ᠬᠦᠭᠵᠢᠵᠦ ᠲᠡᠶᠢᠯᠬᠦ᠂

ᠦᠢᠯᠡᠰ ᠪᠦᠲᠦᠭᠡᠵᠦ ᠲᠡᠶᠢᠯᠬᠦ ᠪᠣᠯᠭᠠᠨ᠎ᠠ

︵ᠲᠦᠷᠪᠡ︶ ᠦᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠬᠦᠨᠵᠡᠭᠡᠶᠢᠷᠡᠬᠦᠯᠵᠦ ᠬᠦᠭᠵᠢᠯᠲᠡ ᠶᠢᠨ ᠲᠣᠲᠣᠭᠠᠲᠣ

ᠬᠦᠲᠡᠯᠭᠡᠬᠦ ᠬᠦᠴᠦᠨ ᠢ ᠴᠢᠩᠭᠠᠳᠬᠠᠨ᠎ᠠ

ᠡᠯ᠎ᠡ ᠲᠦᠷᠦᠯ ᠤᠨ ᠡᠵᠡᠩᠨᠡᠯᠲᠡ ᠶᠢᠨ ᠪᠡᠶᠡᠴᠢ ᠴᠣᠬᠴᠠ ᠶᠢᠨ ᠠᠮᠢᠵᠢᠷᠠᠯ ᠤᠨ ᠬᠦᠴᠦᠨ ᠢ ᠬᠦᠭᠵᠢᠬᠦᠯᠦᠨ᠎ᠡ

ᠣᠯᠣᠰ ᠤᠨ ᠦᠮᠴᠢᠯᠡᠯ ᠤᠨ ᠠᠵᠦ ᠠᠬᠤᠶᠢᠯᠠᠯ ᠤᠨ ᠦᠭᠡᠷᠡᠴᠢᠯᠡᠯᠲᠡ ᠶᠢ ᠬᠦᠨᠵᠡᠭᠡᠶᠢᠷᠡᠬᠦᠯᠦᠨ ᠲᠡᠭᠡᠭᠰᠢᠯᠡᠬᠦᠯᠬᠦ ᠠᠵᠢᠯᠯᠠᠭ᠎ᠠ ᠶᠢ

ᠬᠦᠨᠵᠡᠭᠡᠢ ᠬᠡᠷᠡᠭᠵᠢᠬᠦᠯᠦᠨ᠎ᠡ

ᠠᠷᠠᠳ ᠤᠨ ᠡᠵᠡᠩᠨᠡᠯᠳᠡ ᠶᠢᠨ ᠠᠵᠦ ᠠᠬᠤᠢ ᠶᠢᠨ ᠬᠦᠭᠵᠢᠨ ᠪᠣᠵᠠᠭᠠᠶᠢᠷᠠᠬᠤ ᠶᠢ ᠠᠬᠢᠭᠤᠯᠬᠤ ᠰᠠᠨᠠᠯ ᠵᠢᠴᠢ ᠢᠵᠢ

ᠪᠦᠷᠢᠲᠦᠭᠰᠡᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠲᠠᠪᠣᠷᠢᠵᠢᠭᠤᠯᠣᠨ᠎ᠠ

ᠪᠠᠷᠠᠭᠠᠨ ᠤ ᠬᠦᠢᠯᠭᠡᠭᠡ ᠶᠢᠨ ᠦᠪᠡᠷ ᠤᠨ ᠦᠷᠲᠡᠭ ᠢ ᠪᠠᠭᠤᠷᠠᠭᠤᠯᠬᠤ ᠠᠵᠢᠯᠯᠠᠭ᠎ᠠ ᠶᠢ ᠬᠡᠷᠡᠭᠵᠢᠬᠦᠯᠦᠨ᠎ᠡ

ᠲᠣᠷ᠎ᠠ ᠪᠠᠷ ᠢᠢᠡᠨ ᠰᠦᠢᠳᠭᠡᠯ ᠬᠤᠷᠢᠶᠠᠬᠤ᠂ ᠲᠣᠷ᠎ᠠ ᠪᠠᠷ ᠢᠢᠡᠨ ᠲᠣᠷᠭᠠᠬᠤ᠂ ᠲᠣᠷ᠎ᠠ ᠪᠠᠷ ᠢᠶᠠᠨ ᠲᠡᠰᠭᠡᠨ ᠨᠣᠬᠲᠠᠭᠤᠯᠬᠤ

ᠶᠠᠪᠣᠲᠠᠯ ᠢ ᠡᠷᠡᠰ ᠪᠠᠶᠢᠴᠠᠭᠠᠨ ᠰᠶᠢᠳᠪᠦᠷᠢᠯᠡᠨ᠎ᠡ

ᠪᠦᠬᠦ ᠣᠯᠣᠰ ᠤᠨ ᠨᠢᠭᠡᠲᠦᠯᠲᠡᠢ ᠲᠣᠮᠣ ᠵᠠᠬ᠎ᠠ ᠲᠡᠯᠭᠡᠬᠦᠷ ᠤᠨ ᠪᠦᠲᠦᠭᠡᠨ ᠪᠠᠶᠢᠭᠤᠯᠣᠯᠲᠠ ᠶᠢ ᠲᠦᠷᠭᠡᠳᠭᠡᠨ᠎ᠡ

ᠪᠦᠬᠦ ᠣᠯᠣᠰ ᠤᠨ ᠨᠢᠭᠡᠲᠦᠯᠲᠡᠢ ᠲᠣᠮᠣ ᠵᠠᠬ᠎ᠠ ᠲᠡᠯᠭᠡᠬᠦᠷ ᠤᠨ ᠪᠦᠲᠦᠭᠡᠨ ᠪᠠᠶᠢᠭᠤᠯᠣᠯᠲᠠ ᠶᠢᠨ ᠪᠠᠷᠢᠮᠵᠢᠶ᠎ᠠ ᠶᠢᠨ

ᠵᠢᠯᠣᠭᠤᠲᠣᠮᠵᠢ ᠶᠢ ᠲᠣᠬᠲᠠᠭᠠᠨ᠎ᠠ

ᠭᠤᠣᠯᠴᠢ ᠦᠷᠢᠰᠦᠯᠲᠦᠭᠡᠨ ᠢ ᠬᠢᠨᠡᠨ ᠪᠠᠶᠢᠴᠠᠭᠠᠬᠤ ᠵᠠᠰᠠᠬ ᠵᠠᠬᠢᠷᠭᠠᠨ ᠤ ᠬᠠᠣᠯᠢ ᠲᠣᠬᠲᠠᠭᠠᠯ ᠢ ᠨᠡᠶᠢᠲᠡᠯᠡᠨ᠎ᠡ

ᠣᠷᠣᠨ ᠨᠣᠲᠤᠬ ᠤᠨ ᠬᠠᠮᠠᠭᠠᠯᠠᠯᠲᠠ᠂ ᠵᠠᠬ᠎ᠠ ᠲᠡᠯᠭᠡᠬᠦᠷ ᠤᠨ ᠬᠡᠰᠡᠭᠯᠡᠯ᠂ ᠠᠷᠠᠯᠵᠢᠶᠠᠴᠢᠨ ᠣᠷᠢᠵᠦ ᠪᠡᠯᠡ ᠮᠦᠩᠬᠦ

ᠤᠷᠤᠭᠤᠯᠤᠨ ᠠᠪᠴᠢᠷᠠᠬᠤ ᠲᠣᠮᠲᠠᠬᠢ ᠵᠦᠢ ᠵᠣᠬᠢᠰ ᠦᠭᠡᠢ

ᠦᠷᠢᠰᠦᠯᠲᠦᠭᠡᠨ ᠵᠡᠷᠭᠡ ᠲᠣᠪᠤᠶᠢᠮ᠎ᠠ ᠠᠰᠠᠭᠤᠲᠠᠯ ᠢ ᠲᠣᠰᠬᠠᠢ ᠲᠦᠷᠦᠯ ᠢᠢᠡᠷ ᠵᠠᠰᠠᠨ᠎ᠠ

ᠡᠳ᠋ ᠤᠨ ᠵᠠᠰᠠᠬ ᠭᠠᠶᠢᠯᠢ ᠮᠦᠩᠬᠦᠨ ᠬᠦᠢᠯᠭᠡᠭᠡᠨ ᠵᠡᠷᠭᠡ ᠬᠦᠷᠢᠶᠡᠨ ᠤ ᠦᠭᠡᠷᠡᠴᠢᠯᠡᠯᠲᠡ ᠶᠢ ᠠᠬᠢᠭᠤᠯᠣᠨ᠎ᠠ

ᠦᠨᠳᠦᠷ ᠲᠦᠪᠰᠢᠨ ᠪᠦᠬᠦᠢ ᠨᠡᠶᠢᠭᠡᠮ ᠵᠢᠷᠣᠮ ᠤᠨ ᠵᠠᠬ᠎ᠠ ᠲᠡᠯᠭᠡᠬᠦᠷ ᠤᠨ ᠠᠵᠦ ᠠᠬᠤᠢ ᠶᠢᠨ ᠪᠠᠶᠢᠭᠤᠯᠣᠮᠵᠢ ᠶᠢᠨ

ᠦᠭᠡᠷᠡᠴᠢᠯᠡᠯᠲᠡ ᠶᠢᠨ ᠲᠦᠷᠦᠬᠦᠯᠡᠬᠦ ᠣᠷᠣᠨ ᠢ ᠪᠦᠲᠦᠭᠡᠨ ᠪᠠᠶᠢᠭᠤᠯᠣᠨ᠎ᠠ

ᠰᠢᠨ᠎ᠡ ᠨᠢᠭᠡ ᠡᠭᠡᠯᠵᠢ ᠶᠢᠨ ᠡᠳ᠋ ᠤᠨ ᠵᠠᠰᠠᠬ ᠭᠠᠶᠢᠯᠢ ᠶᠢᠨ ᠪᠠᠶᠢᠭᠤᠯᠣᠮᠵᠢ ᠶᠢᠨ ᠦᠭᠡᠷᠡᠴᠢᠯᠡᠯᠲᠡ ᠶᠢ ᠣᠬᠠᠭᠠᠯᠠᠨ

ᠲᠦᠯᠦᠪᠯᠡᠨ᠎ᠡ

ᠴᠠᠬᠢᠯᠭᠠᠨ ᠬᠦᠴᠦ᠂ ᠲᠣᠰᠣ ᠬᠡᠢ᠂ ᠲᠡᠮᠦᠷ ᠵᠠᠮ ᠪᠣᠯᠣᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠤᠮ ᠵᠡᠷᠭᠡ ᠶᠢᠨ

ᠦᠭᠡᠷᠡᠴᠢᠯᠡᠯᠲᠡ ᠶᠢ ᠬᠦᠨᠵᠡᠭᠡᠶᠢᠷᠡᠬᠦᠯᠦᠨ᠎ᠡ

︵ᠲᠠᠪᠤ︶ ᠦᠨᠳᠤᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶᠢ ᠦᠷᠭᠡᠳᠭᠡᠵᠤ ᠬᠠᠷᠢᠯᠴᠠᠨ ᠠᠰᠢᠬᠳᠠᠢ ᠬᠠᠮᠳᠤ ᠪᠠᠷ

ᠠᠰᠢᠭ ᠬᠦᠷᠳᠡᠬᠦ ᠶᠢ ᠠᠬᠢᠭᠤᠯᠤᠨ᠎ᠠ

ᠭᠠᠳᠠᠭᠠᠳᠤ ᠠᠷᠠᠯᠵᠢᠶᠠᠨ ᠤ ᠴᠢᠨᠡᠷ ᠢ ᠲᠡᠭᠡᠭᠰᠢᠯᠡᠬᠦᠯᠤᠨ ᠬᠡᠮᠵᠢᠶ᠎ᠠ ᠶᠢ ᠲᠤᠬᠳᠠᠪᠤᠷᠢᠵᠢᠭᠤᠯᠬᠤ ᠶᠢ ᠠᠬᠢᠭᠤᠯᠤᠨ᠎ᠠ

ᠴᠢᠨᠠᠷ ᠰᠠᠶᠢᠲᠠᠢ ᠦᠢᠯᠡᠳᠬᠦᠨ ᠢ ᠭᠠᠳᠠᠭᠠᠳᠤ ᠠᠴᠠ ᠣᠷᠣᠭᠤᠯᠬᠤ ᠶᠢ ᠢᠳᠡᠪᠬᠢᠲᠡᠢ ᠪᠠᠷ ᠥᠷᠭᠡᠳᠬᠡᠨ᠎ᠡ

ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠪᠦᠬᠦ ᠲᠠᠯ᠎ᠠ ᠪᠠᠷ

ᠬᠡᠷᠡᠭᠵᠢᠭᠦᠯᠦᠨ᠎ᠡ

ᠦᠢᠯᠡᠴᠢᠯᠡᠭᠡᠨ ᠤ ᠠᠷᠠᠯᠵᠢᠶ᠎ᠠ᠂ ᠲᠤᠭᠠᠴᠢᠯᠠᠬᠰᠠᠨ ᠠᠷᠠᠯᠵᠢᠶ᠎ᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠲᠦᠷᠦ ᠶᠢᠨ

ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ᠎ᠡ

ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠦᠢᠯᠡᠴᠢᠯᠡᠭᠡᠨ ᠤ

ᠠᠷᠠᠯᠵᠢᠶᠠᠨ ᠤ ᠴᠤᠭᠯᠠᠭᠠᠨ᠂ ᠲᠤᠭᠠᠴᠢᠯᠠᠬᠰᠠᠨ ᠠᠷᠠᠯᠵᠢᠶᠠᠨ ᠤ ᠴᠤᠭᠯᠠᠭᠠᠨ ᠵᠡᠷᠭᠡ ᠴᠢᠬᠤᠯᠠ ᠶᠡᠭᠡ ᠦᠵᠡᠰᠬᠦᠯᠡᠩ

ᠴᠤᠭᠯᠠᠭᠠᠨ ᠢ ᠰᠠᠶᠢᠲᠤᠷ ᠡᠷᠬᠢᠯᠡᠨ᠎ᠡ

ᠭᠠᠳᠠᠭᠠᠳᠤ ᠪᠡᠯᠡ ᠶᠢ ᠲᠠᠲᠠᠬᠤ ᠡᠷᠴᠢᠮ ᠢ ᠴᠢᠩᠭᠠᠷᠠᠭᠤᠯᠤᠨ᠎ᠠ

ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ

ᠦᠷᠭᠦᠯᠵᠢᠯᠡᠨ ᠴᠥᠭᠡᠳᠬᠡᠨ᠎ᠡ

ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ

ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠬᠦᠴᠦᠨ ᠦᠭᠡᠢ ᠪᠣᠯᠭᠠᠨ᠎ᠠ

ᠴᠠᠬᠢᠯᠭᠠᠨ ᠬᠤᠯᠪᠣᠭ᠎ᠠ᠂ ᠡᠮ ᠡᠮᠨᠡᠯᠭᠡ ᠵᠡᠷᠭᠡ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠲᠤ ᠣᠷᠣᠬᠤ

ᠵᠥᠪᠰᠢᠶᠡᠷᠡᠯ ᠢ ᠠᠭᠤᠵᠢᠭᠤ ᠪᠣᠯᠭᠠᠨ᠎ᠠ

ᠭᠠᠳᠠᠭᠠᠳᠤ ᠶᠢᠨ ᠬᠠᠷᠢᠶᠠᠳᠤ ᠶᠢᠨ ᠳᠤᠮᠳᠠᠳᠤ ᠤᠯᠤᠰ ᠲᠤ ᠢᠷᠡᠵᠦ ᠠᠵᠢᠯᠯᠠᠬᠤ᠂ ᠰᠤᠷᠤᠯᠴᠠᠬᠤ᠂ ᠵᠢᠭᠤᠯᠴᠢᠯᠠᠬᠤ ᠳᠤ

ᠲᠦᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ

︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ

ᠠᠬᠢᠭᠤᠯᠤᠨ᠎ᠠ

︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠳᠡᠮᠵᠢᠬᠦ ᠨᠠᠢᠮᠠᠨ ᠵᠦᠢᠯ ᠤᠨ ᠠᠵᠢᠯᠯᠠᠭ᠎ᠠ ᠶᠢ

ᠪᠣᠳᠠᠲᠠᠢ ᠳᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ

ᠴᠢᠬᠤᠯᠠ ᠶᠡᠭᠡ ᠲᠥᠰᠥᠯ ᠤᠨ ᠬᠠᠮᠲᠤᠷᠠᠯᠴᠠᠭ᠎ᠠ ᠶᠢ ᠯᠠᠪᠳᠠᠭᠤᠨ ᠢᠶᠠᠷ ᠠᠬᠢᠭᠤᠯᠤᠨ᠎ᠠ

ᠨᠢᠭᠡ ᠪᠦᠯᠦᠭ ︽ᠵᠢᠵᠢᠭ ᠪᠦᠭᠡᠳ ᠭᠤᠶᠤ︾ ᠠᠷᠠᠳ ᠤᠨ ᠠᠮᠢᠳᠤᠷᠠᠯ ᠤᠨ ᠲᠥᠰᠥᠯ ᠢ ᠬᠡᠷᠡᠭᠵᠢᠭᠦᠯᠤᠨ᠎ᠠ

ᠤᠯᠠᠨ ᠲᠠᠯᠠᠲᠤ ᠬᠤᠶᠠᠷ ᠲᠠᠯᠠᠲᠤ ᠪᠠ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ

ᠨᠡᠩ ᠤᠯᠠᠨ ᠤᠯᠤᠰ ᠪᠠ ᠭᠠᠵᠠᠷ ᠣᠷᠣᠨ ᠯᠤᠭ᠎ᠠ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠪᠠ ᠪᠡᠯᠡ

ᠣᠷᠣᠭᠤᠯᠤᠯᠲᠠ ᠶᠢᠨ ᠬᠡᠯᠡᠯᠴᠡᠭᠡᠷ ᠢ ᠵᠥᠪᠳᠡᠯᠴᠡᠨ ᠲᠣᠭᠲᠠᠭᠠᠨ᠎ᠠ

ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠪᠦᠬᠦ ᠲᠠᠯ᠎ᠠ ᠪᠠᠷ ᠭᠦᠨᠵᠡᠭᠡᠢ ᠣᠷᠣᠯᠴᠠᠨ᠎ᠠ

︵ᠵᠢᠷᠭᠤᠭ᠎ᠠ︶ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠨ ᠨᠢᠭᠡᠳᠦᠯᠲᠡᠢ ᠲᠥᠯᠥᠪᠯᠡᠵᠦ ᠭᠤᠣᠯᠳᠠᠯᠭ᠎ᠠ ᠲᠠᠢ

ᠬᠦᠷᠢᠶᠡᠨ ᠳᠠᠬᠢ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ

ᠲᠦᠭᠰᠢᠭᠦᠷᠢ ᠶᠢᠨ ᠳᠠᠯᠳᠠ ᠭᠡᠮ ᠢ ᠯᠠᠪᠳᠠᠭᠤᠨ ᠲᠣᠬᠢᠲᠠᠢ ᠪᠥᠭᠡᠳ ᠡᠮᠬᠢ ᠵᠢᠷᠤᠮ ᠲᠠᠢ ᠰᠶᠢᠳᠪᠦᠷᠢᠯᠡᠨ᠎ᠡ

ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ

ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ

ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠳᠭᠡᠨ ᠪᠠᠶᠢᠭᠤᠯᠤᠨ᠎ᠠ

ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ

ᠠᠮᠤ ᠪᠤᠳᠠᠭᠠᠨ ᠤ ᠠᠮᠤᠷ ᠲᠦᠪᠰᠢᠨ ᠤ ᠦᠨᠳᠦᠰᠦ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠦᠨ᠎ᠡ

ᠲᠣᠰᠣ ᠬᠡᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠵᠦ

ᠨᠡᠭᠡᠭᠡᠨ ᠠᠰᠢᠭᠯᠠᠬᠤ ᠡᠷᠴᠢᠮ ᠢ ᠴᠢᠩᠭᠠᠷᠠᠭᠤᠯᠤᠨ᠎ᠠ

︵ᠳᠣᠯᠤᠭ᠎ᠠ︶ ᠬᠥᠲᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠴᠥᠬᠦᠷᠡᠰᠢ ᠦᠭᠡᠢ ᠰᠠᠶᠢᠲᠤᠷ

ᠠᠳᠬᠤᠵᠤ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ

ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠵᠤ ᠬᠠᠩᠭᠠᠯᠭ᠎ᠠ ᠶᠢ

ᠪᠠᠲᠤᠯᠠᠬᠤ ᠶᠢ ᠴᠢᠩᠭᠠᠳᠬᠠᠨ᠎ᠠ

ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠤᠨ᠎ᠠ

ᠪᠤᠭᠤᠳᠠᠢ ᠬᠤᠳᠠᠯᠳᠤᠨ ᠠᠪᠬᠤ ᠨᠠᠭᠠᠲᠤ ᠵᠠᠬ᠎ᠠ ᠶᠢᠨ ᠦᠨ᠎ᠡ ᠶᠢ ᠵᠣᠬᠢᠰᠲᠠᠢ ᠳᠡᠭᠡᠭᠰᠢᠯᠡᠭᠦᠯᠤᠨ᠎ᠠ

ᠪᠦᠬᠦ ᠤᠯᠤᠰ ᠲᠤ ᠭᠤᠷᠪᠠᠨ ᠶᠡᠭᠡ ᠭᠤᠣᠯ ᠠᠮᠤ ᠪᠤᠳᠠᠭᠠᠨ ᠤ ᠦᠢᠯᠡᠳᠪᠦᠷᠢᠯᠡᠯ ᠤᠨ ᠥᠪᠡᠷ ᠤᠨ ᠦᠷᠲᠡᠭ ᠪᠠ

ᠣᠷᠣᠯᠭ᠎ᠠ ᠶᠢᠨ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠤᠨ᠎ᠠ

ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠳᠤ ᠨᠥᠬᠦᠪᠦᠷᠢ

ᠣᠯᠭᠤᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ

ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠰᠶᠢᠳᠪᠦᠷᠢᠯᠡᠭᠰᠡᠨ ᠦᠷ᠎ᠡ ᠪᠦᠲᠦᠭᠡᠯ ᠢ ᠥᠴᠥᠬᠡᠨ ᠴᠦ

ᠰᠤᠯᠠᠷᠠᠭᠤᠯᠤᠯ ᠦᠭᠡᠢ ᠪᠠᠬᠢᠵᠢᠭᠦᠯᠦᠨ ᠥᠷᠭᠡᠳᠬᠡᠨ᠎ᠡ

ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠠᠵᠢᠯ ᠣᠯᠭᠤᠯᠲᠠ ᠶᠢᠨ ᠪᠤᠭᠤᠮᠳᠠ ᠰᠢᠪᠳᠤᠯᠬᠤ ᠶᠢ ᠰᠶᠢᠳᠪᠦᠷᠢᠯᠡᠬᠦ ᠠᠵᠢᠯᠯᠠᠭ᠎ᠠ ᠶᠢ

ᠠᠬᠢᠭᠤᠯᠤᠨ᠎ᠠ

ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ

ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ

ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ

ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ

ᠲᠠᠬᠢᠭᠠᠳ 30 ᠵᠢᠯ ᠤᠷᠲᠤᠳᠬᠠᠬᠤ ᠮᠤᠵᠢ ᠶᠢᠨ ᠲᠤᠷᠰᠢᠯᠲᠠ ᠶᠢ ᠡᠬᠢᠯᠡᠭᠦᠯᠦᠨ᠎ᠡ

ᠬᠥᠳᠡᠭᠡ ᠲᠣᠰᠬᠤᠨ ᠤ ᠤᠰᠤ ᠴᠠᠬᠢᠯᠭᠠᠨ ᠵᠠᠮ ᠬᠡᠢ ᠮᠡᠳᠡᠭᠡ ᠬᠤᠯᠪᠤᠭ᠎ᠠ ᠵᠡᠷᠭᠡ ᠰᠠᠭᠤᠷᠢ ᠲᠥᠬᠦᠭᠡᠷᠦᠮᠵᠢ ᠪᠠ ᠤᠯᠠᠨ

ᠨᠡᠶᠢᠲᠡ ᠶᠢᠨ ᠦᠢᠯᠡᠴᠢᠯᠡᠭᠡ ᠶᠢ ᠶᠡᠭᠡ ᠪᠠᠷ ᠰᠠᠶᠢᠵᠢᠷᠠᠭᠤᠯᠤᠨ᠎ᠠ

︵ᠨᠠᠢᠮᠠ︶ ᠬᠤᠲᠠ ᠬᠥᠳᠡᠭᠡ ᠶᠢᠨ ᠠᠭᠤᠰᠤᠯᠴᠠᠯ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂

ᠠᠵᠤ ᠠᠬᠤᠢ ᠶᠢᠨ ᠪᠠᠶᠢᠷᠢᠯᠠᠭᠤᠯᠤᠯᠲᠠ ᠶᠢ ᠶᠡᠭᠡ ᠪᠠᠷ ᠰᠢᠯᠢᠳᠡᠭᠵᠢᠭᠦᠯᠵᠤ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ

ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ

ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠢ

ᠬᠡᠷᠡᠭᠵᠢᠭᠦᠯᠤᠨ᠎ᠠ

ᠡᠷᠦᠭᠡ ᠠᠮᠠ ᠪᠠᠨ ᠤᠷᠤᠭᠤᠯᠬᠤ ᠬᠦᠰᠡᠯ ᠲᠠᠢ ᠬᠤᠲᠠ ᠳᠤ ᠣᠷᠣᠭᠰᠠᠨ ᠬᠥᠯᠥᠰᠦᠨ ᠠᠵᠢᠯᠴᠢᠨ ᠢ ᠬᠤᠲᠠ ᠪᠠᠯᠭᠠᠰᠤᠨ ᠳᠤ

ᠡᠷᠦᠬᠡ ᠠᠮᠠ ᠶᠢ ᠨᠢ ᠣᠷᠣᠭᠤᠯᠤᠨ᠎ᠠ

ᠬᠠᠭᠤᠴᠢᠨ ᠰᠠᠭᠤᠭᠠᠯᠢ ᠲᠣᠭᠤᠷᠢᠭ ᠲᠤ ᠴᠠᠬᠢᠯᠭᠠᠨ ᠱᠠᠲᠤ ᠨᠡᠮᠡᠵᠦ ᠤᠭᠰᠠᠷᠠᠬᠤ᠂ ᠲᠡᠷᠭᠡ ᠵᠣᠭᠰᠤᠭᠠᠬᠤ ᠵᠡᠷᠭᠡ ᠬᠦᠴᠢᠷ

ᠠᠰᠠᠭᠤᠳᠠᠯ ᠢ ᠰᠶᠢᠳᠪᠦᠷᠢᠯᠡᠬᠦ ᠶᠢ ᠠᠬᠢᠭᠤᠯᠤᠨ᠎ᠠ

ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ

ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ

ᠪᠤᠯᠤᠩ ᠤᠨ ᠣᠷᠣᠨ ᠵᠡᠷᠭᠡ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠭᠠᠵᠠᠷ ᠣᠷᠣᠨ ᠤ ᠴᠢᠨᠠᠷ ᠰᠠᠶᠢᠲᠠᠢ

ᠬᠥᠭᠵᠢᠯᠲᠡ ᠶᠢᠨ ᠬᠥᠳᠡᠯᠭᠡᠭᠴᠢ ᠬᠦᠴᠦᠨ ᠤ ᠡᠬᠢ ᠰᠤᠷᠪᠤᠯᠵᠢ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ

ᠲᠡᠮᠵᠢᠨ᠎ᠠ

ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠬᠠᠳᠤᠨ

ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ

︵ᠶᠢᠰᠦ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ ᠪᠤᠬᠢᠷᠳᠤᠯ ᠦᠭᠡᠢ ᠲᠤᠤᠷ᠎ᠠ

ᠨᠡᠭᠦᠷᠡᠰᠦᠲᠥ᠋ᠷᠥᠭᠴᠢᠳᠤ ᠬᠥᠭᠵᠢᠯᠲᠡ ᠶᠢ ᠠᠬᠢᠭᠤᠯᠤᠨ᠎ᠠ

ᠠᠮᠢ ᠠᠬᠤᠢ ᠣᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ

ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ ᠲᠥᠯᠥᠪᠵᠢᠭᠦᠯᠭᠡ ᠶᠢ ᠭᠦᠨᠵᠡᠭᠡᠶ

ᠬᠡᠷᠡᠭᠵᠢᠭᠦᠯᠦᠨ᠎ᠡ

ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠰᠢᠨ᠎ᠡ ᠪᠣᠬᠢᠷᠲᠤᠭᠤᠯᠬᠤ ᠪᠣᠳᠠᠰ᠂ ᠰᠦᠯᠢᠶᠣᠣ ᠶᠢᠨ ᠪᠣᠬᠢᠷᠲᠤᠯ ᠢ ᠵᠠᠰᠠᠬᠤ

ᠠᠵᠢᠯ ᠢ ᠴᠢᠩᠭᠠᠳᠬᠠᠨ᠎ᠠ

︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠶ ᠭᠤᠷᠪᠠᠨ ᠶᠡᠭᠡ

ᠳᠠᠶᠢᠯᠠᠯᠳᠤᠭᠠᠨ ᠢ ᠵᠣᠬᠢᠶᠠᠨ ᠪᠠᠶᠢᠭᠤᠯᠤᠨ ᠰᠠᠶᠢᠲᠤᠷ ᠬᠢᠨ᠎ᠡ

ᠪᠤᠬᠢᠷᠳᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠳᠤ ᠠᠵᠤ ᠠᠬᠤᠶ ᠶᠢ ᠶᠡᠭᠡ ᠪᠠᠷ ᠬᠥᠭᠵᠢᠭᠦᠯᠦᠨ᠎ᠡ

ᠭᠤᠤᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠬᠤ ᠤᠰᠤ ᠠᠷᠪᠢᠯᠠᠬᠤ ᠥᠭᠡᠷᠡᠴᠢᠯᠡᠯᠲᠡ ᠶᠢ ᠲᠦᠷᠭᠡᠳᠭᠡᠨ᠎ᠡ

ᠬᠠᠶᠠᠭᠳᠠᠮᠠᠯ ᠪᠣᠳᠠᠰ ᠢ ᠡᠷᠬᠢᠯᠳᠦᠬᠦᠯᠦᠨ ᠠᠰᠢᠭᠯᠠᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ

ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠲᠦᠷᠦᠭᠦᠯᠡᠬᠦ ᠣᠷᠣᠨ ᠢ ᠪᠦᠲᠦᠭᠡᠨ ᠪᠠᠶᠢᠭᠤᠯᠤᠨ᠎ᠠ

ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ᠂

ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠦᠭᠡᠳ ᠯᠠᠪᠳᠠᠭᠤᠨ ᠢᠶᠠᠷ ᠠᠬᠢᠭᠤᠯᠤᠨ᠎ᠠ

︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ ᠠᠷᠪᠠᠨ ᠶᠡᠭᠡ

ᠠᠵᠢᠯᠯᠠᠭ᠎ᠠ︾ ᠶᠢ ᠯᠠᠪᠳᠠᠭᠤᠨ ᠪᠠᠲᠤᠲᠠᠶ ᠥᠷᠨᠢᠭᠦᠯᠦᠨ᠎ᠡ

ᠪᠦᠬᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠤᠨ ᠠᠵᠢᠯ ᠲᠦᠷᠦᠯ ᠤᠨ ᠬᠠᠮᠤᠷᠬᠤ ᠬᠡᠪᠴᠢᠶ᠎ᠡ ᠶᠢ

ᠥᠷᠭᠡᠳᠭᠡᠨ᠎ᠡ

ᠴᠢᠯᠠᠭᠤᠵᠢᠮᠠᠯ ᠤᠨ ᠡᠨᠧᠷᠭᠢ ᠶᠢᠨ ᠬᠡᠷᠡᠭᠯᠡᠭᠡ ᠶᠢ ᠬᠢᠵᠠᠭᠠᠷᠯᠠᠨ᠎ᠠ

ᠰᠢᠨ᠎ᠡ ᠬᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ

︵ᠠᠷᠪᠠ︶ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ ᠨᠡᠶᠢᠭᠡᠮ ᠤᠨ ᠵᠠᠰᠠᠯᠲᠠ ᠶᠢ ᠴᠢᠩᠭᠠᠳᠬᠠᠵᠦ

ᠨᠠᠶᠢᠭᠡᠮ ᠤᠨ ᠵᠠᠰᠠᠯᠳᠡ ᠶᠢᠨ ᠰᠢᠨ᠎ᠡ ᠶᠢ ᠡᠭᠦᠳᠦᠨ᠎ᠡ

ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠵᠦ

ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ

ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡᠨ ᠵᠡᠷᠭᠡ ᠲᠥᠷᠥ ᠶᠢᠨ ᠪᠣᠳᠣᠯᠭ᠎ᠠ ᠶᠢᠨ ᠠᠵᠢᠯ ᠣᠯᠭᠤᠯᠲᠠ ᠶᠢ ᠲᠣᠭᠲᠠᠭᠤᠨ

ᠪᠠᠶᠢᠯᠭᠠᠬᠤ ᠳᠤ ᠦᠵᠡᠭᠦᠯᠬᠦ ᠳᠡᠮᠵᠢᠯᠭᠡ ᠶᠢ ᠴᠢᠩᠭᠠᠳᠬᠠᠨ᠎ᠠ

ᠠᠵᠢᠯ ᠣᠯᠭᠤᠯᠲᠠ ᠶᠢᠨ ᠪᠠᠭᠲᠠᠭᠠᠮᠵᠢ ᠪᠠᠷ ᠶᠡᠭᠡ ᠠᠵᠢᠯ ᠲᠦᠷᠦᠯ ᠠᠵᠤ ᠠᠬᠤᠶᠢᠯᠠᠯ ᠢ ᠳᠡᠮᠵᠢᠬᠦ ᠪᠠᠨ ᠴᠢᠩᠭᠠᠳᠬᠠᠨ᠎ᠠ

ᠰᠢᠨ᠎ᠠ ᠠᠵᠢᠯ ᠤᠯᠭᠤᠯᠳᠠ ᠶᠢᠨ ᠬᠡᠯᠪᠡᠷᠢ ᠪᠠᠷ ᠠᠵᠢᠯ ᠣᠯᠤᠭᠰᠠᠳ ᠤᠨ ᠠᠵᠢᠯ ᠮᠡᠷᠭᠡᠵᠢᠯ ᠤᠨ ᠭᠡᠮᠲᠦᠯ ᠤᠨ ᠪᠠᠲᠤᠯᠠᠭ᠎ᠠ ᠶᠢᠨ

ᠲᠤᠷᠰᠢᠯᠲᠠ ᠶᠢᠨ ᠴᠡᠭ ᠢ ᠥᠷᠭᠡᠳᠭᠡᠨ᠎ᠡ

ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ

ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠬᠥᠮᠦᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ

ᠪᠠᠷᠢᠮᠵᠢᠶ᠎ᠠ ᠶᠢ 30 ᠲᠥᠭᠦᠷᠢᠭ ᠨᠡᠮᠡᠭᠳᠡᠭᠦᠯᠦᠨ᠎ᠡ

ᠡᠮ ᠡᠮᠨᠡᠯᠭᠡ ᠶᠢᠨ ᠦᠨᠳᠦᠰᠦᠨ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠠᠬᠢᠭᠤᠯᠤᠨ᠎ᠠ

ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠶᠢ ᠨᠠᠶᠢᠳᠠᠪᠤᠷᠢᠵᠢᠭᠤᠯᠬᠤ ᠪᠠ

ᠲᠡᠭᠦᠯᠳᠡᠷᠵᠢᠭᠦᠯᠦᠨ᠎ᠡ

ᠪᠠᠶᠢᠴᠠᠭᠠᠬᠰᠠᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠠᠬᠢᠭᠤᠯᠤᠨ᠎ᠠ

ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡ ᠶᠢ ᠴᠢᠩᠭᠠᠳᠬᠠᠨ᠎ᠠ

ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠰᠠᠭᠤᠷᠢ ᠮᠥᠩᠭᠦ ᠶᠢᠨ ᠰᠠᠷ᠎ᠠ ᠶᠢᠨ ᠨᠠᠭᠠᠲᠤ

ᠵᠠᠬ᠎ᠠ ᠶᠢᠨ ᠪᠠᠷᠢᠮᠵᠢᠶ᠎ᠠ ᠶᠢ 20 ᠲᠦᠭᠦᠷᠢᠭ ᠳᠡᠭᠡᠭᠰᠢᠯᠡᠭᠦᠯᠦᠨ᠎ᠡ

ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠦᠷᠭᠦᠯᠵᠢᠯᠡᠨ

ᠳᠡᠭᠡᠭᠰᠢᠯᠡᠭᠦᠯᠦᠨ᠎ᠡ

ᠦᠳᠡᠬᠦᠰ ᠤᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ

ᠦᠷᠡᠵᠢᠯ ᠤᠨ ᠠᠮᠠᠷᠠᠯᠲᠠ ᠶᠢᠨ ᠳᠦᠷᠢᠮ ᠢ ᠰᠢᠯᠢᠳᠡᠭᠵᠢᠭᠦᠯᠦᠨ᠎ᠡ

ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ

ᠤᠯᠤᠰ ᠤᠨ ᠰᠣᠶᠣᠯ ᠤᠨ ᠲᠤᠭᠠᠴᠢᠯᠠᠭᠤᠯᠤᠯᠳᠠ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠶ ᠠᠬᠢᠭᠤᠯᠤᠨ᠎ᠠ

ᠣᠯᠠᠨ ᠨᠡᠶᠢᠲᠡ ᠶᠢᠨ ᠰᠣᠶᠣᠯ ᠤᠨ ᠲᠠᠯᠠᠪᠠᠢ ᠣᠷᠳᠣᠨ ᠢ ᠰᠦᠢᠳᠭᠡᠯ ᠬᠤᠷᠢᠶᠠᠬᠤ ᠦᠭᠡᠢ ᠪᠠᠷ ᠨᠡᠭᠡᠭᠡᠬᠦ ᠦᠢᠯᠡᠴᠢᠯᠡᠭᠡᠨ ᠤ

ᠲᠥᠪᠰᠢᠨ ᠢ ᠳᠡᠭᠡᠭᠰᠢᠯᠡᠭᠦᠯᠦᠨ᠎ᠡ

2024 ᠣᠨ ᠤ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ

ᠲᠠᠮᠢᠷ ᠤᠨ ᠴᠤᠭᠯᠠᠭᠠᠨ ᠳᠤ ᠪᠡᠯᠡᠳᠭᠡᠵᠦ ᠤᠷᠤᠯᠳᠤᠭᠠᠨ ᠳᠤ ᠣᠷᠣᠯᠴᠠᠬᠤ ᠠᠵᠢᠯ ᠢ ᠰᠠᠶᠢᠲᠤᠷ ᠬᠢᠨ᠎ᠠ

ᠤᠯᠤᠰ ᠤᠨ ᠠᠮᠤᠷ ᠲᠥᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ

ᠤᠯᠤᠰ ᠤᠨ ᠠᠮᠤᠷ ᠲᠥᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ

ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ

ᠴᠢᠩᠭᠠᠳᠬᠠᠨ᠎ᠠ

ᠢᠳᠡᠭᠡᠨ ᠤ ᠵᠦᠢᠯᠡᠰ᠂ ᠡᠮ ᠤᠨ ᠵᠦᠢᠯᠡᠰ᠂ ᠣᠨᠴᠠ ᠲᠥᠷᠥᠯ ᠤᠨ ᠲᠦᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠶᠢ

ᠴᠢᠩᠳᠠᠯᠠᠨ᠎ᠠ

ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠠᠤᠯᠢ ᠪᠠᠷ ᠵᠠᠰᠠᠬᠤ

ᠵᠠᠰᠠᠭ ᠤᠨ ᠣᠷᠳᠣᠨ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠭᠡᠴᠢ ᠵᠠᠰᠠᠭ ᠤᠨ ᠣᠷᠳᠣᠨ ᠪᠠ

ᠦᠢᠯᠡᠴᠢᠯᠡᠬᠦ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠵᠤ᠂ ᠵᠠᠰᠠᠭ ᠤᠨ ᠣᠷᠳᠣᠨ ᠤ ᠲᠤᠰᠢᠶᠠᠯ

ᠬᠠᠷᠢᠭᠤᠴᠠᠯᠭ᠎ᠠ ᠶᠢ ᠪᠦᠬᠦ ᠲᠠᠯ᠎ᠠ ᠪᠠᠷ ᠰᠠᠶᠢᠲᠤᠷ ᠭᠦᠢᠴᠡᠳᠭᠡᠬᠦ ᠬᠡᠷᠡᠭᠲᠡᠢ ᠭᠡᠵᠦ ᠲᠤᠷᠠᠳᠤᠨ ᠭᠠᠷᠭᠠᠪᠠ᠃

ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶ ᠠᠬᠢᠭᠤᠯᠤᠨ᠎ᠠ

ᠲᠦᠷᠦ ᠶᠢᠨ ᠪᠤᠳᠤᠯᠭ᠎ᠠ ᠲᠣᠭᠲᠠᠭᠠᠬᠤ ᠳᠠᠭᠠᠨ ᠵᠢᠮ᠎ᠡ ᠶᠣᠰᠣ ᠶᠢ ᠵᠢᠷᠤᠮᠯᠠᠨ᠂ ᠬᠠᠮᠲᠤ ᠶᠢᠨ ᠲᠠᠨᠢᠯᠲᠠ ᠶᠢ ᠥᠷᠭᠡᠨ ᠢᠶᠠᠷ

ᠲᠥᠪᠯᠡᠷᠡᠭᠦᠯᠵᠦ᠂ ᠬᠠᠤᠯᠢ ᠴᠠᠭᠠᠵᠠ ᠶᠢᠨ ᠦᠨᠳᠦᠰᠦᠯᠡᠯ ᠲᠠᠢ ᠪᠠᠶᠢᠬᠤ ᠬᠡᠷᠡᠭᠲᠡᠶ

ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ

︽ᠥᠨᠳᠥᠷ ᠪᠦᠲᠦᠮᠵᠢᠲᠡᠶ ᠪᠠᠷ ᠨᠢᠭᠡ ᠤᠴᠢᠷ ᠶᠠᠪᠤᠳᠠᠯ ᠢ ᠪᠦᠲᠦᠭᠡᠬᠦ︾ ᠶᠢ ᠠᠬᠢᠭᠤᠯᠬᠤ ᠪᠠᠷ ᠬᠦᠲᠦᠯᠦᠮᠵᠢ ᠪᠣᠯᠭᠠᠵᠤ᠂

ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪᠰᠢᠨ ᠢ ᠳᠡᠭᠡᠭᠰᠢᠯᠡᠭᠦᠯᠦᠨ᠎ᠡ

ᠥᠷᠭᠡᠨ ᠣᠯᠠᠨ ᠺᠠᠳ᠋ᠷᠴᠤᠳ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠭᠢᠯᠭᠡ ᠪᠠᠨ

ᠴᠢᠩᠭᠠᠳᠬᠠᠬᠤ ᠶᠢᠨ ᠬᠠᠮᠲᠤ ᠡᠭᠦᠨ ᠢ ︽ᠶᠠᠪᠤᠳᠠᠯ ᠪᠣᠯᠭᠠᠨ ᠳᠤ ᠳᠣᠲᠤᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ

ᠴᠢᠳᠠᠪᠤᠷᠢ ᠪᠣᠯᠭᠠᠨ ᠦᠨᠡᠨ ᠬᠦ ᠬᠤᠪᠢᠷᠠᠭᠤᠯᠵᠤ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠪᠠᠳᠠᠷᠠᠭᠤᠯᠵᠤ᠂

ᠦᠨᠡᠨ ᠬᠦ ᠠᠳᠬᠤᠨ ᠪᠤᠳᠠᠲᠠᠢ ᠪᠠᠷ ᠬᠢᠵᠤ᠂ ᠰᠢᠷᠭᠠᠭᠤ ᠬᠠᠳᠠᠭᠤᠵᠢᠯᠳᠠᠢ ᠠᠵᠢᠯᠯᠠᠵᠤ᠂ ᠴᠢᠳᠠᠮᠠᠭᠠᠶ ᠬᠢᠵᠦ ᠴᠢᠳᠠᠮᠠᠭᠠᠶ

ᠪᠦᠲᠦᠭᠡᠨ᠂ ᠴᠠᠭ ᠦᠶ᠎ᠡ ᠪᠠ ᠠᠷᠠᠳ ᠲᠦᠮᠡᠨ ᠳᠤ ᠦᠯᠦ ᠣᠰᠣᠯᠳᠠᠬᠤ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ

ᠡᠭᠦᠳᠬᠦ ᠬᠡᠷᠡᠭᠲᠡᠶ᠃

ᠬᠠᠷᠢᠭᠤᠴᠠᠯᠭ᠎ᠠ ᠶᠢᠨ ᠵᠠᠩᠬᠢᠯᠠᠭ᠎ᠠ ᠨᠢ ᠡᠬᠦᠷᠭᠡᠯᠡᠬᠦ ᠳᠤ ᠪᠠᠶᠢᠵᠤ᠂ ᠲᠡᠮᠡᠴᠡᠯ ᠢᠶᠠᠷ ᠢᠷᠡᠭᠡᠳᠦᠢ ᠶᠢ ᠡᠭᠦᠳᠦᠨ ᠪᠦᠲᠦᠭᠡᠳᠡᠭ᠃

ᠪᠢᠳᠡ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠢᠯᠡᠭᠦᠦ

ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ

ᠮᠠᠨᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠵᠠᠮ ᠨᠡᠭᠡᠭᠡᠨ ᠤᠷᠤᠭᠰᠢᠯᠠᠵᠤ᠂

ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ

ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ

ᠲᠡᠮᠡᠴᠡᠵᠡᠭᠡᠶ᠎ᠡ︕

 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号