ᠰᠢ ᠶᠢᠨ ᠫᠢᠩ ᠤᠯᠤᠰ ᠲᠥᠷᠥ ᠶᠢᠨ ᠵᠥᠪᠯᠡᠯᠭᠡᠨ ᠤ ᠬᠤᠷᠠᠯ ᠳᠤ ᠣᠷᠣᠯᠴᠠᠵᠤ ᠪᠠᠶᠢᠭ᠎ᠠ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ ᠣᠷᠴᠢᠨ ᠲᠤᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠢ ᠡᠷᠭᠢᠨ ᠦᠵᠡᠬᠦ ᠳᠡᠭᠡᠨ ᠴᠢᠬᠤᠯᠠᠴᠢᠯᠠᠭᠰᠠᠨ ᠨᠢ — ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠵᠤ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠭᠡᠷᠡᠭᠳᠠᠢ
ᠨᠡᠶᠢᠲᠡᠯᠡᠭᠰᠡᠨ ᠴᠠᠭ᠄
2024/3/7

ᠸᠠᠩ ᠬᠣ᠋ ᠨᠢᠩ ᠼᠠᠢ ᠴᠢ ᠡᠷᠬᠢᠨ ᠦᠵᠡᠬᠦ ᠪᠠ ᠶᠠᠷᠢᠯᠴᠠᠬᠤ ᠳᠤ ᠣᠷᠣᠯᠴᠠᠵᠠᠢ

ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ

ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠬᠤᠶᠢᠨ᠎ᠠ ᠪᠦᠬᠦ ᠤᠯᠤᠰ ᠤᠨ ᠤᠯᠤᠰ ᠲᠥᠷᠥ ᠶᠢᠨ

ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ

ᠲᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ

᠂ ᠣᠷᠴᠢᠨ ᠲᠤᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠲᠤᠭᠤᠶᠢᠯᠠᠩ

ᠬᠠᠮᠳᠤᠷᠠᠬᠰᠡᠨ ᠬᠤᠷᠠᠯ ᠳᠤ ᠤᠷᠤᠯᠴᠠᠵᠤ᠂ ᠰᠠᠨᠠᠯ ᠰᠠᠨᠠᠭᠤᠯᠭ᠎ᠠ ᠶᠢ ᠨᠢ ᠰᠤᠨᠤᠰᠴᠠᠢ᠃ ᠲᠡᠷᠡ᠂ ᠠᠷᠠᠳ ᠤᠨ ᠤᠯᠤᠰ

ᠲᠦᠷᠦ ᠶᠢᠨ ᠵᠥᠪᠯᠡᠯᠭᠡᠨ ᠤ ᠡᠯ᠎ᠡ ᠨᠠᠮ ᠪᠦᠯᠦᠭ᠂ ᠡᠯ᠎ᠡ ᠪᠦᠯᠬᠦᠮ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠯ᠎ᠡ

ᠲᠠᠯ᠎ᠠ ᠶᠢᠨ ᠬᠥᠮᠦᠰ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ

ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ

ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠢ ᠪᠠᠷ ᠠᠷᠭ᠎ᠠ

ᠤᠬᠠᠭᠠᠨ ᠭᠠᠷᠭᠠᠵᠤ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ

ᠴᠢᠬᠤᠯᠠᠴᠢᠯᠠᠪᠠ᠃

645.png

︽3 · 8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂

ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠬᠦ ᠤᠯᠤᠰ ᠤᠨ ᠬᠤᠶᠠᠷ ᠬᠤᠷᠠᠯ ᠳᠤ ᠣᠷᠣᠯᠴᠠᠵᠤ

ᠪᠠᠶᠢᠭ᠎ᠠ ᠡᠮᠡᠭᠲᠡᠢ ᠲᠥᠯᠥᠭᠡᠯᠡᠭᠴᠢ᠂ ᠡᠮᠡᠭᠲᠡᠢ ᠭᠡᠰᠢᠭᠦᠨ᠂ ᠡᠮᠡᠭᠲᠡᠢ ᠠᠵᠢᠯᠳᠠᠨ᠂ ᠪᠦᠬᠦ ᠤᠯᠤᠰ ᠤᠨ ᠡᠯ᠎ᠡ ᠦᠨᠳᠦᠰᠦᠲᠡᠨ

ᠡᠯ᠎ᠡ ᠡᠲᠡᠭᠡᠳ ᠤᠨ ᠡᠮᠡᠭᠲᠡᠶᠢᠴᠦᠳ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠣᠨᠴᠠᠭᠠᠢ ᠵᠠᠰᠠᠭ

ᠵᠠᠬᠢᠷᠭᠠᠨ ᠤ ᠣᠷᠣᠨ ᠪᠣᠯᠤᠨ ᠲᠠᠶᠢᠸᠠᠨ ᠣᠷᠣᠨ ᠤ ᠡᠮᠡᠭᠲᠡᠶᠢᠴᠤᠳ᠂ ᠭᠠᠳᠠᠭᠠᠳᠤ ᠳᠤ ᠪᠠᠶᠢᠭ᠎ᠠ ᠡᠮᠡᠭᠲᠡᠢ ᠬᠠᠷᠢᠶᠠᠲᠤ ᠨᠡᠷ ᠲᠤ

ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠠ᠃

ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ

ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠣ᠋ ᠨᠢᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ

ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ

ᠡᠷᠬᠢᠨ ᠦᠵᠡᠬᠦ ᠪᠡ ᠶᠠᠷᠢᠯᠴᠠᠬᠤ ᠳᠤ ᠤᠷᠤᠯᠴᠠᠵᠠᠢ᠃

ᠳᠤᠭᠤᠶᠢᠯᠠᠩ ᠬᠠᠮᠳᠤᠷᠠᠬᠰᠡᠨ ᠬᠤᠷᠠᠯ ᠳᠡᠭᠡᠷ᠎ᠡ᠂ ᠰᠢᠶᠠ ᠰᠢᠶᠠᠨ ᠫᠤᠩ᠂ ᠲᠢᠶᠠᠨ ᠬᠤᠩ ᠴᠢ᠂ ᠡᠦ ᠵᠢᠶᠠᠨ ᠫᠢᠩ᠂ ᠵᠣᠣ

ᠢᠦᠶ ᠯᠢᠶᠠᠩ᠂ ᠬᠤᠸᠠᠩ ᠮᠢᠶᠠᠨ ᠰᠥᠩ᠂ ᠬᠣ᠋ ᠰᠥᠩ ᠴᠢᠨ ᠵᠡᠷᠭᠡ 6 ᠭᠡᠰᠢᠭᠦᠨ᠂ ᠲᠠᠶᠢᠸᠠᠨ ᠬᠤᠭᠤᠯᠠᠶ ᠶᠢᠨ ᠬᠤᠶᠠᠷ

ᠬᠦᠪᠡᠭᠡᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ᠂ ᠡᠬᠡ

ᠣᠷᠣᠨ ᠤ ᠪᠦᠷᠢᠨ ᠨᠢᠭᠡᠳᠦᠯ ᠢ ᠡᠷᠡᠰ ᠭᠤᠶᠢᠪᠢᠰᠢ ᠦᠭᠡᠢ ᠪᠠᠷ ᠠᠬᠢᠭᠤᠯᠬᠤ᠂ ᠢᠨᠲ᠋ᠤᠷ ᠰᠦᠯᠵᠢᠶᠡᠨ ᠤ ᠭᠤᠣᠯᠯᠠᠬᠤ

ᠮᠡᠷᠭᠡᠵᠢᠯ ᠢᠶᠠᠷ ᠰᠦᠯᠵᠢᠶᠡᠨ ᠤ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠪᠠ ᠴᠢᠨᠠᠷ ᠰᠠᠶᠢᠲᠠᠶ ᠬᠥᠭᠵᠢᠯᠲᠡ ᠶᠢ

ᠲᠤᠯᠭᠠᠭᠤᠷᠢᠯᠠᠬᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠠᠵᠤ

ᠦᠢᠯᠡᠰᠵᠢᠯᠲᠡ ᠶᠢ ᠠᠬᠢᠭᠤᠯᠬᠤ᠂ ᠠᠮᠢ ᠠᠬᠤᠶ ᠣᠷᠴᠢᠨ ᠲᠤᠭᠤᠷᠢᠨ ᠢ ᠬᠠᠮᠠᠭᠠᠯᠠᠬᠤ ᠠᠵᠤ ᠦᠢᠯᠡᠰ ᠤᠨ ᠴᠢᠨᠠᠷ ᠰᠠᠶᠢᠲᠠᠶ

ᠬᠥᠭᠵᠢᠯᠲᠡ ᠶᠢ ᠠᠬᠢᠭᠤᠯᠬᠤ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢ ᠴᠢᠩᠭᠠᠳᠬᠠᠬᠤ ᠵᠡᠷᠭᠡ ᠶᠢᠨ ᠲᠣᠭᠤᠷᠢᠨ ᠳᠤ

ᠦᠭᠡ ᠬᠡᠯᠡᠪᠡ᠃

ᠰᠢ ᠶᠢᠨ ᠫᠢᠩ ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂

ᠣᠯᠠᠨ ᠲᠠᠢ ᠬᠠᠮᠲᠤ ᠶᠠᠷᠢᠯᠴᠠᠨ ᠰᠣᠯᠢᠯᠴᠠᠵᠤ᠂ ᠰᠠᠨᠠᠯ ᠰᠠᠨᠠᠭᠤᠯᠭ᠎ᠠ ᠶᠢ ᠰᠣᠨᠣᠰᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃

ᠲᠡᠷᠡ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠠᠳᠡ ᠰᠠᠭᠤᠵᠤ ᠪᠠᠶᠢᠭ᠎ᠠ ᠭᠡᠰᠢᠭᠦᠳ ᠪᠣᠯᠤᠨ ᠥᠷᠭᠡᠨ ᠤᠯᠠᠨ

ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠪᠦᠷᠢᠯᠳᠦᠬᠦᠨ ᠪᠣᠯᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ

ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠬᠥᠮᠦᠰ ᠲᠤ᠂ ᠥᠷᠭᠡᠨ ᠤᠯᠠᠨ ᠤᠯᠤᠰ ᠲᠦᠷᠦ ᠶᠢᠨ

ᠵᠥᠪᠯᠡᠯᠭᠡᠨ ᠤ ᠭᠡᠰᠢᠭᠦᠳ ᠲᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ ᠭᠡᠵᠦ ᠢᠯᠡᠳᠭᠡᠪᠡ᠃

ᠰᠢ ᠶᠢᠨ ᠫᠢᠩ᠂ 2023 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ

ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ ᠪᠣᠯᠤᠨ᠎ᠠ᠃ ᠨᠠᠮ ᠤᠨ ᠲᠥᠪ ᠬᠤᠷᠢᠶ᠎ᠠ ᠪᠦᠬᠦ ᠨᠠᠮ

ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠲᠣᠭᠲᠠᠭᠤᠨ ᠤ

ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠲᠢᠲᠢᠮᠯᠢᠭ ᠠᠭᠤᠰᠭᠢᠨ

ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠳᠤ ᠰᠢᠯᠵᠢᠬᠦ ᠶᠢ ᠡᠷᠡᠰ ᠰᠢᠭᠤᠷᠬᠠᠢ

ᠬᠡᠷᠡᠭᠵᠢᠭᠦᠯᠵᠦ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢ ᠪᠦᠬᠦ ᠬᠦᠴᠦ ᠪᠠᠷ ᠢᠶᠠᠨ ᠠᠬᠢᠭᠤᠯᠵᠤ᠂ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠠᠵᠤ ᠠᠬᠤᠢ ᠨᠡᠶᠢᠭᠡᠮ ᠤᠨ

ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠡᠶᠢᠭᠡᠮ ᠵᠢᠷᠤᠮᠳᠤ

ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠯᠠᠪᠳᠠᠭᠤᠨ ᠪᠠᠲᠤᠲᠠᠢ ᠠᠯᠬᠤᠮ ᠢ ᠠᠯᠬᠤᠪᠠ᠃

ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ᠂ ᠡᠨᠡ ᠪᠣᠯ ᠪᠦᠬᠦ ᠤᠯᠤᠰ ᠤᠨ ᠦᠨᠳᠦᠰᠦᠲᠡᠨ ᠨᠦᠭᠦᠳ ᠤᠨ

ᠠᠷᠠᠳ ᠲᠦᠮᠡᠨ ᠤ ᠪᠦᠯᠬᠦᠮᠳᠡᠨ ᠨᠢᠭᠡᠳᠴᠦ᠂ ᠨᠤᠭᠤᠷᠠᠰᠢ ᠦᠭᠡᠢ ᠲᠡᠮᠡᠴᠡᠭᠰᠡᠨ ᠤ ᠦᠷ᠎ᠡ ᠳ᠋ᠦᠩ ᠮᠥᠨ᠂ ᠪᠠᠰᠠ ᠴᠤ

ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠦᠴᠦ ᠬᠥᠳᠡᠯᠮᠦᠷᠢ ᠪᠠ ᠤᠶᠤᠨ ᠤᠬᠠᠭᠠᠨ ᠢ

ᠰᠢᠩᠬᠡᠬᠡᠵᠤ ᠪᠠᠶᠢᠨ᠎ᠠ ᠭᠡᠵᠦ ᠴᠢᠬᠤᠯᠠᠴᠢᠯᠠᠪᠠ᠃

ᠰᠢ ᠶᠢᠨ ᠫᠢᠩ᠂ ᠥᠩᠭᠡᠷᠡᠭᠰᠡᠨ ᠨᠢᠭᠡ ᠵᠢᠯ ᠳᠤ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ︽ᠰᠡᠳᠭᠢᠯ ᠢᠶᠠᠨ ᠨᠢᠭᠡᠳᠭᠡᠨ

ᠰᠦᠭ ᠰᠦᠨᠡᠰᠦ ᠪᠠᠨ ᠱᠤᠭᠤᠵᠤ ᠰᠠᠭᠤᠷᠢ ᠪᠠᠨ ᠪᠠᠲᠤᠳᠬᠠᠵᠤ᠂ ᠰᠢᠨ᠎ᠡ ᠠᠶᠠᠨ ᠳᠤ ᠪᠦᠯᠬᠦᠮᠳᠡᠨ ᠤᠷᠤᠭᠰᠢᠯᠠᠶ᠎ᠠ︾ ᠭᠡᠬᠦ

ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠤᠰ ᠲᠦᠷᠦ ᠶᠢᠨ ᠵᠥᠪᠯᠡᠯᠭᠡ ᠬᠢᠬᠦ᠂ ᠲᠦᠷᠦ ᠶᠢᠨ

ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠬᠡᠮᠥ᠋ᠷᠡᠨ ᠤ ᠠᠮᠢ

ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤ ᠦᠷᠭᠦᠯᠵᠢᠯᠡᠨ ᠣᠷᠣᠯᠴᠠᠵᠤ᠂

ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠵᠤ ᠠᠬᠤᠢ ᠰᠣᠶᠣᠯ ᠤᠨ ᠰᠣᠯᠢᠯᠴᠠᠭ᠎ᠠ ᠶᠢ ᠢᠳᠡᠪᠬᠢᠲᠡᠢ ᠠᠬᠢᠭᠤᠯᠪᠠ᠃

ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠤᠨ ᠬᠥᠮᠦᠰ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠣᠷᠣᠯᠴᠠᠬᠤ ᠶᠢ ᠢᠳᠡᠪᠬᠢᠲᠡᠢ ᠲᠡᠮᠵᠢᠵᠤ᠂ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦᠯᠡᠨ ᠣᠷᠣᠯᠴᠠᠪᠠ᠃ ᠥᠷᠭᠡᠨ ᠤᠯᠠᠨ ᠣᠷᠴᠢᠨ ᠲᠣᠭᠤᠷᠢᠨ ᠡᠬᠢ

ᠪᠠᠶᠠᠯᠢᠭ ᠤᠨ ᠡᠲᠡᠭᠡᠳ ᠤᠨ ᠬᠢᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠥᠭᠵᠢᠯᠲᠡ ᠶᠢᠨ ᠠᠷᠭ᠎ᠠ

ᠬᠡᠯᠪᠡᠷᠢ ᠶᠢ ᠪᠣᠬᠢᠷᠲᠤᠯ ᠦᠭᠡᠢ ᠲᠡᠶᠢᠰᠢ ᠬᠤᠪᠢᠷᠠᠭᠤᠯᠬᠤ ᠳᠤᠮᠳᠠ ᠢᠳᠡᠪᠬᠢᠲᠡᠢ ᠦᠢᠯᠡᠳᠦᠯ ᠦᠵᠡᠭᠦᠯᠪᠡ ᠭᠡᠵᠦ ᠵᠢᠭᠠᠵᠤ

ᠭᠠᠷᠭᠠᠪᠠ᠃

ᠰᠢ ᠶᠢᠨ ᠫᠢᠩ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠲᠠᠶᠢᠸᠠᠨ ᠤ ᠠᠵᠢᠯ ᠤᠨ ᠶᠡᠭᠡ ᠲᠠᠯ᠎ᠠ ᠳᠤ ᠴᠢᠨᠠᠭᠰᠢᠳᠠ ᠪᠠᠶᠢᠷᠢ

ᠲᠣᠭᠲᠠᠭᠠᠯᠲᠠ ᠪᠠᠨ ᠣᠨᠣᠪᠴᠢᠲᠠᠢ ᠣᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠢᠳᠡᠪᠬᠢᠲᠡᠢ ᠵᠢᠳᠬᠦᠯ ᠴᠢᠷᠮᠠᠶᠢᠯᠭ᠎ᠠ

ᠭᠠᠷᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ᠂ ᠠᠷᠠᠯ ᠤᠨ ᠳᠣᠲᠣᠷ᠎ᠠ ᠭᠠᠳᠠᠨᠠᠬᠢ ᠪᠦᠯᠬᠦᠮᠳᠡᠵᠦ ᠪᠣᠯᠬᠤ

ᠤᠯᠤᠰ ᠢᠶᠠᠨ ᠬᠠᠶᠢᠷᠠᠯᠠᠬᠤ ᠬᠦᠴᠦᠨ ᠪᠦᠬᠦᠨ ᠲᠠᠢ ᠨᠡᠩ ᠰᠠᠶᠢᠲᠤᠷ ᠪᠦᠯᠬᠦᠮᠳᠡᠵᠦ᠂ ︽ᠲᠤᠰᠠᠭᠠᠷ ᠲᠣᠭᠲᠠᠨᠢᠭᠤᠯᠬᠤ︾ ᠶᠢ

ᠡᠰᠡᠷᠭᠦᠴᠡᠵᠦ ᠨᠢᠭᠡᠳᠦᠯ ᠢ ᠠᠬᠢᠭᠤᠯᠬᠤ ᠬᠦᠴᠦᠨ ᠢ ᠲᠠᠰᠤᠷᠠᠯᠳᠠ ᠦᠭᠡᠢ ᠪᠤᠵᠠᠭᠠᠶᠢᠷᠠᠭᠤᠯᠵᠤ᠂ ᠡᠬᠡ ᠤᠯᠤᠰ ᠢᠶᠠᠨ

ᠨᠠᠶᠢᠷᠠᠮᠳᠠᠯ ᠢᠶᠠᠷ ᠨᠢᠭᠡᠳᠭᠡᠬᠦ ᠠᠬᠢᠴᠠ ᠶᠢ ᠬᠠᠮᠲᠤ ᠪᠠᠷ ᠠᠬᠢᠭᠤᠯᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ

ᠬᠦᠪᠡᠭᠡᠨ ᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠬᠦᠳᠡᠭᠡ ᠠᠵᠤ ᠠᠬᠤᠢ᠂ ᠰᠤᠶᠤᠯ ᠢᠷᠭᠡᠨᠰᠢᠯ᠂ ᠵᠠᠯᠠᠭᠤᠴᠤᠳ ᠤᠨ

ᠬᠥᠭᠵᠢᠯᠲᠡ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ᠂ ᠲᠠᠶᠢᠸᠠᠨ

ᠬᠤᠭᠤᠯᠠᠢ ᠶᠢᠨ ᠬᠤᠶᠠᠷ ᠬᠦᠪᠡᠭᠡᠨ ᠤ ᠡᠯ᠎ᠡ ᠬᠦᠷᠢᠶᠡᠨ ᠤ ᠠᠭᠤᠰᠤᠯᠴᠠᠨ ᠬᠦᠭᠵᠢᠭᠦ ᠢᠢ ᠭᠦᠨᠵᠡᠭᠡᠶᠢᠷᠡᠭᠦᠯᠬᠦ ᠬᠡᠷᠡᠭᠲᠡᠢ ᠭᠡᠵᠦ

ᠴᠢᠬᠤᠯᠠᠴᠢᠯᠠᠪᠠ᠃

ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠤᠨ ᠭᠡᠰᠢᠭᠦᠳ ᠪᠣᠯᠤᠨ ᠥᠷᠭᠡᠨ ᠤᠯᠠᠨ

ᠰᠢᠨᠵᠢᠯᠡᠬᠦ ᠤᠬᠠᠭᠠᠨ ᠲᠤᠭᠡᠶᠢᠠ᠋ ᠮᠡᠷᠭᠡᠵᠢᠯ ᠤᠨ ᠠᠵᠢᠯᠲᠠᠳ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠢᠶᠠᠷ ᠤᠯᠤᠰ ᠢᠶᠠᠨ

ᠮᠠᠨᠳᠤᠭᠤᠯᠬᠤ ᠢᠲᠡᠭᠡᠯ ᠵᠣᠷᠢᠭ ᠢᠶᠠᠨ ᠴᠢᠨᠠᠭᠰᠢᠳᠠ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠰᠢᠨ᠎ᠡ ᠶᠢ ᠡᠭᠦᠳᠬᠦ ᠬᠦᠨᠳᠦ ᠡᠭᠦᠷᠭᠡ ᠶᠢ ᠡᠭᠦᠷᠭᠡᠯᠡᠵᠦ᠂ ᠰᠠᠭᠤᠷᠢ ᠰᠤᠳᠤᠯᠭᠠᠨ ᠪᠣᠯᠤᠨ ᠬᠡᠷᠡᠭᠯᠡᠭᠡᠨ ᠤ ᠰᠠᠭᠤᠷᠢ

ᠰᠤᠳᠤᠯᠭᠠᠨ ᠢ ᠴᠢᠩᠭᠠᠳᠬᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ

ᠰᠠᠶᠢᠲᠤᠷ ᠬᠢᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠰᠢᠨ᠎ᠡ ᠬᠥᠳᠡᠯᠭᠡᠬᠦ ᠴᠢᠳᠠᠪᠤᠷᠢ ᠶᠢ

ᠪᠤᠶᠢᠵᠢᠭᠤᠯᠬᠤ ᠬᠡᠷᠡᠭᠲᠡᠢ᠃ ᠪᠣᠳᠠᠲᠠᠢ ᠶᠢ ᠡᠷᠬᠢᠮᠯᠡᠨ ᠰᠠᠨᠠᠯ ᠰᠠᠨᠠᠭᠤᠯᠭ᠎ᠠ ᠳᠤᠷᠠᠳᠴᠤ᠂ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠤᠨ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ

ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠦᠨᠡᠯᠡᠯᠲᠡ ᠶᠢᠨ ᠰᠢᠰᠲ᠋ᠧᠮ ᠪᠣᠯᠤᠨ ᠤᠷᠮᠠᠰᠢᠭᠤᠯᠬᠤ ᠲᠣᠭᠲᠠᠴᠠ ᠶᠢ ᠪᠦᠷᠢᠨᠰᠢᠬᠦᠯᠵᠤ᠂ ᠡᠯ᠎ᠡ ᠲᠦᠷᠦᠯ ᠤᠨ

ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠣᠯᠤᠨ ᠲᠠᠯᠳᠠ ᠬᠦᠴᠦᠨ ᠢ ᠤᠯᠠᠮ ᠴᠢᠨᠠᠭᠰᠢᠳᠠ

ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠰᠢ ᠶᠢᠨ ᠫᠢᠩ᠂ ᠥᠷᠭᠡᠨ ᠤᠯᠠᠨ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠠᠮᠢ ᠠᠬᠤᠢ ᠣᠷᠴᠢᠨ

ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠴᠢᠨᠠᠷ ᠰᠠᠶᠢᠲᠠᠢ ᠬᠥᠭᠵᠢᠯᠲᠡ ᠶᠢ ᠥᠨᠳᠥᠷ ᠲᠦᠪᠰᠢᠨ ᠢᠶᠠᠷ ᠬᠠᠮᠠᠭᠠᠯᠠᠵᠤ

ᠲᠤᠯᠭᠠᠭᠤᠷᠢᠯᠠᠬᠤ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠤᠯᠤᠰ ᠤᠨ ᠭᠠᠵᠠᠷ ᠰᠢᠷᠤᠢ ᠶᠢᠨ ᠣᠷᠣᠨ

ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠠᠮᠢ ᠠᠬᠤᠢ ᠣᠷᠴᠢᠨ ᠲᠣᠭᠤᠷᠢᠨ ᠤ

ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠠᠮᠢ

ᠠᠬᠤᠢ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠨᠠᠷᠢᠯᠢᠭ ᠣᠨᠣᠪᠴᠢᠲᠠᠢ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ

ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠴᠢᠭᠯᠡᠯᠲᠡ ᠶᠢ ᠪᠥᠬᠦ ᠲᠠᠯ᠎ᠠ ᠪᠠᠷ

ᠣᠨᠣᠪᠴᠢᠲᠠᠶ ᠨᠠᠶᠢᠳᠠᠪᠤᠷᠢᠵᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠥᠬᠡᠶ ᠪᠠᠶᠢᠬᠤ᠂ ᠳᠤᠤᠷ᠎ᠠ

ᠨᠡᠭᠦᠷᠡᠰᠦᠲᠥ᠋ᠷᠥᠭᠴᠢᠲᠦ ᠪᠠᠶᠢᠬᠤ ᠶᠢ ᠠᠬᠢᠭᠤᠯᠵᠤ᠂ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠡᠷᠭᠢᠯᠳᠦᠭᠦᠯᠦᠨ

ᠠᠰᠢᠭᠯᠠᠬᠤ ᠶᠢ ᠴᠢᠩᠭᠠᠳᠬᠠᠵᠤ᠂ ᠠᠮᠢ ᠠᠬᠤᠶ ᠶᠢᠨ ᠦᠢᠯᠡᠳᠬᠦᠨ ᠤ ᠥᠷᠲᠡᠭ ᠢ ᠪᠤᠳᠠᠳᠠᠢ ᠪᠤᠯᠭᠠᠬᠤ ᠠᠷᠭ᠎ᠠ ᠵᠠᠮ ᠢ

ᠥᠷᠭᠡᠳᠭᠡᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠳᠦ᠋ᠷᠦᠭᠴᠢ ᠶᠢ

ᠰᠠᠭᠠᠷᠮᠠᠭᠵᠢᠭᠤᠯᠬᠤ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠳᠤ ᠰᠢᠨ᠎ᠡ

ᠬᠥᠳᠡᠯᠭᠡᠬᠦ ᠴᠢᠳᠠᠪᠤᠷᠢ ᠨᠡᠮᠡᠷᠢᠯᠡᠵᠦ᠂ ᠰᠢᠨ᠎ᠡ ᠳᠠᠪᠠᠭᠤᠯᠢᠭ ᠢ ᠪᠣᠶ ᠪᠤᠯᠭᠠᠬᠤ ᠬᠡᠷᠡᠭᠳᠡᠢ ᠭᠡᠵᠦ ᠴᠢᠬᠤᠯᠠᠴᠢᠯᠠᠪᠠ᠃

 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号