ᠥᠪᠥᠷ ᠮᠣᠩᠭᠤᠯ ᠤᠨ ᠭᠠᠵᠠᠷ ᠰᠢᠨᠵᠢᠯᠡᠭᠡ ᠠᠭᠤᠷᠬᠠᠶ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/3/8
   ᠶᠤᠤ ᠶᠦᠩ ᠪᠥᠸᠧ ᠣᠷᠣᠯᠴᠠᠪᠠ   3 ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠭᠠᠵᠠᠷ ᠰᠢᠨᠵᠢᠯᠡᠭᠡ ᠠᠭᠤᠷᠬᠠᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠫᠠᠶᠢᠰᠠ ᠡᠯᠬᠦᠬᠦ ᠶᠣᠰᠣᠯᠠᠯ ᠶᠠᠪᠤᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ ᠤᠷᠤᠯᠴᠠᠨ ᠫᠠᠶᠢᠰᠠ ᠰᠡᠬᠦᠪᠡ᠃   ᠥᠪᠡᠷᠲᠡᠭᠡᠨ ᠵᠠᠰᠠᠬᠤ ᠣᠷᠣᠨ ᠠᠴᠠ ᠤᠤᠯ ᠤᠨ ᠠᠭᠤᠷᠬᠠᠶ᠂ ᠨᠡᠭᠦᠷᠡᠰᠦ ᠶᠢ ᠬᠠᠶᠢᠨ ᠰᠢᠨᠵᠢᠬᠦ᠂ ᠥᠩᠭᠡᠲᠦ ᠲᠡᠮᠦᠷᠯᠢᠭ ᠢ ᠬᠠᠶᠢᠨ ᠰᠢᠨᠵᠢᠬᠦ ᠭᠤᠷᠪᠠᠨ ᠨᠢᠭᠡᠴᠢ ᠶᠢ ᠨᠡᠶᠢᠳᠭᠡᠨ ᠳᠠᠬᠢᠨ ᠵᠣᠬᠢᠶᠠᠨ ᠪᠠᠶᠢᠭᠤᠯᠵᠤ ᠥᠪᠥᠷ ᠮᠣᠩᠭᠤᠯ ᠤᠨ ᠭᠠᠵᠠᠷ ᠰᠢᠨᠵᠢᠯᠡᠭᠡ ᠠᠭᠤᠷᠬᠠᠶ ᠶᠢᠨ ᠪᠦᠯᠦᠭᠯᠡᠯ ᠢ ᠪᠠᠶᠢᠭᠤᠯᠤᠭᠰᠠᠨ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠠᠵᠤ ᠠᠬᠤᠶᠢᠯᠠᠯ ᠤᠨ ᠦᠢᠯᠡᠳᠦᠯ ᠴᠢᠳᠠᠮᠵᠢ ᠶᠢᠨ ᠪᠠᠶᠢᠷᠢ ᠲᠣᠭᠲᠠᠭᠠᠯᠲᠠ ᠨᠢ ᠰᠢᠨ᠎ᠡ ᠨᠢᠭᠡᠨ ᠡᠭᠡᠯᠵᠢ ᠶᠢᠨ ᠠᠭᠤᠷᠬᠠᠶ ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ᠂ ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠬᠦᠭᠵᠢᠬᠦᠯᠬᠦ᠂ ᠠᠮᠢ ᠠᠬᠤᠶ ᠶᠢᠨ ᠵᠠᠰᠠᠯᠲᠠ᠂ ᠭᠠᠵᠠᠷ ᠰᠢᠨᠵᠢᠯᠡᠭᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠲᠣᠭᠤᠷᠢᠨ ᠳᠤ᠂ ︽ᠬᠠᠶᠢᠬᠤ᠂ ᠮᠠᠯᠲᠠᠬᠤ᠂ ᠰᠣᠩᠭᠤᠬᠤ᠂ ᠬᠠᠶᠢᠯᠤᠭᠤᠯᠬᠤ᠂ ᠪᠣᠯᠪᠠᠰᠤᠷᠠᠭᠤᠯᠬᠤ︾ ᠪᠥᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号