ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 7 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ 7 ᠤ ᠦᠳᠡ ᠶᠢᠨ ᠬᠤᠶᠢᠨ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ | ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠬᠦᠮ ᠤᠨ ᠪᠦᠭᠦᠳᠡ ᠬᠤᠷᠠᠯ ᠳᠤ ᠣᠷᠣᠯᠴᠠᠬᠤ ᠳᠠᠭᠠᠨ᠂ ᠰᠢᠨ᠎ᠡ ᠪᠠᠷ | ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠪᠣᠯ ᠤᠯᠤᠰ ᠤᠨ ᠪᠠᠶᠢᠯᠳᠤᠬᠤ | ᠪᠣᠳᠣᠯᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠮᠠᠨ ᠤ ᠤᠯᠤᠰ ᠤᠨ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠵᠤ᠂ ᠤᠯᠤᠰ ᠤᠨ ᠠᠮᠤᠷ ᠲᠦᠪᠰᠢᠨ ᠪᠣᠯᠣᠨ | ᠴᠡᠷᠢᠭ ᠤᠨ ᠶᠠᠪᠤᠳᠠᠯ ᠤᠨ ᠲᠡᠮᠡᠴᠡᠯ ᠤᠨ ᠰᠠᠨᠠᠭᠠᠴᠢᠯᠠᠭᠠᠲᠤ ᠡᠷᠬᠡ ᠳᠤ ᠬᠤᠯᠪᠣᠭᠳᠠᠵᠤ ᠪᠠᠶᠢᠳᠠᠭ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ | ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ᠂ ᠳᠠᠯᠠᠢ ᠶᠢᠨ ᠴᠡᠷᠢᠭ ᠤᠨ ᠠᠢ ᠶᠢᠩ ᠴᠦᠨ ᠲᠥᠯᠥᠭᠡᠯᠡᠭᠴᠢ᠂ ᠪᠠᠶᠢᠯᠳᠤᠬᠤ ᠪᠣᠳᠣᠯᠭ᠎ᠠ ᠶᠢᠨ | ᠲᠤᠰᠠᠯᠠᠬᠤ ᠴᠡᠷᠢᠭ ᠠᠩᠭᠢ ᠶᠢᠨ ᠡᠦ ᠱᠧᠩ ᠶᠠᠨ ᠲᠥᠯᠥᠭᠡᠯᠡᠭᠴᠢ᠂ ᠡᠮᠦᠨᠡᠳᠦ ᠬᠡᠰᠡᠭ ᠤᠨ ᠪᠠᠶᠢᠯᠳᠤᠭᠠᠨ ᠤ ᠲᠣᠭᠤᠷᠢᠭ ᠤᠨ | ᠴᠢᠶᠣᠣ ᠱᠠ ᠱᠠ ᠲᠥᠯᠥᠭᠡᠯᠡᠭᠴᠢ᠂ ᠪᠠᠶᠢᠯᠳᠤᠬᠤ ᠪᠣᠳᠣᠯᠭ᠎ᠠ ᠶᠢᠨ ᠲᠤᠰᠠᠯᠠᠬᠤ ᠴᠡᠷᠢᠭ ᠠᠩᠭᠢ ᠶᠢᠨ ᠾᠧ ᠢᠦᠢ ᠹᠠᠨ | ᠲᠥᠯᠥᠭᠡᠯᠡᠭᠴᠢ᠂ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠣᠣ ᠳ᠋ᠠᠩ ᠨᠠᠢ ᠲᠥᠯᠥᠭᠡᠯᠡᠭᠴᠢ᠂ | ᠬᠠᠭᠤᠷᠠᠢ ᠵᠠᠮ ᠤᠨ ᠴᠡᠷᠢᠭ ᠤᠨ ᠵᠧᠩ ᠶᠢᠨ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠳᠠᠯᠠᠢ ᠲᠠᠩᠭᠢᠰ ᠤᠨ | ᠪᠠᠶᠢᠳᠠᠯ ᠢ ᠰᠡᠷᠡᠨ ᠮᠡᠳᠡᠷᠡᠬᠦᠢ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ᠂ ᠰᠦᠯᠵᠢᠶᠡᠨ ᠤ ᠣᠷᠣᠨ ᠵᠠᠢ ᠶᠢᠨ | ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠵᠣᠬᠢᠶᠠᠮᠠᠯ ᠣᠶᠣᠨ ᠴᠢᠳᠠᠪᠤᠷᠢ ᠶᠢᠨ ᠬᠡᠷᠡᠭᠯᠡᠯᠲᠡ ᠶᠢ ᠠᠬᠢᠭᠤᠯᠬᠤ᠂ | ᠰᠠᠨᠰᠠᠷ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠴᠤ ᠬᠡᠷᠡᠭᠯᠡᠬᠦ ᠶᠢ ᠴᠢᠩᠭᠠᠳᠬᠠᠬᠤ᠂ ᠰᠢᠨ᠎ᠡ ᠪᠠᠷ | ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠷᠢᠮᠵᠢᠶᠠᠲᠤ ᠨᠡᠶᠢᠳᠡᠮ ᠬᠡᠷᠡᠭᠯᠡᠬᠦ ᠪᠠᠶᠢᠭᠤᠯᠤᠯᠲᠠ ᠶᠢ ᠴᠢᠩᠭᠠᠳᠬᠠᠬᠤ᠂ ᠬᠥᠮᠥᠨ | ᠦᠭᠡᠢ ᠪᠠᠶᠢᠯᠳᠤᠬᠤ ᠬᠦᠴᠦᠨ ᠤ ᠪᠠᠶᠢᠭᠤᠯᠤᠯᠲᠠ ᠪᠠ ᠬᠡᠷᠡᠭᠯᠡᠯᠲᠡ ᠶᠢᠨ ᠰᠢᠨ᠎ᠡ ᠶᠢ ᠡᠭᠦᠳᠬᠦ ᠵᠡᠷᠭᠡ ᠲᠠᠯ᠎ᠠ ᠶᠢᠨ | ᠠᠰᠠᠭᠤᠳᠠᠯ ᠤᠨ ᠲᠤᠬᠠᠢ ᠰᠠᠨᠠᠯ ᠰᠠᠨᠠᠭᠤᠯᠭ᠎ᠠ ᠳᠤᠷᠠᠳᠪᠠ᠃ | ᠰᠢ ᠶᠢᠨ ᠫᠢᠩ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ ᠶᠢ ᠴᠢᠨᠠᠭᠰᠢᠳᠠ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠭᠤᠣᠯᠳᠠᠯᠭ᠎ᠠ ᠪᠣᠯᠭᠠᠨ ᠲᠣᠪᠤᠶᠢᠯᠭᠠᠵᠤ᠂ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ᠂ ᠨᠡᠭᠡᠭᠡᠯᠲᠡ ᠬᠢᠵᠦ ᠠᠭᠤᠰᠤᠯᠴᠠᠬᠤ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠰᠢᠨ᠎ᠡ ᠶᠢ | ᠡᠭᠦᠳᠬᠦ ᠠᠮᠢ ᠠᠬᠤᠢ ᠶᠢ ᠪᠠᠶᠢᠭᠤᠯᠵᠤ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠬᠡᠷᠡᠭᠴᠡᠭᠡ ᠶᠢ ᠵᠣᠯᠭᠠᠭᠤᠯᠬᠤ᠂ | ᠲᠥᠯᠥᠪᠵᠢᠭᠦᠯᠭᠡ ᠶᠢ ᠵᠣᠯᠭᠠᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠵᠡᠷᠭᠡ ᠲᠠᠯ᠎ᠠ ᠶᠢᠨ ᠳᠦᠷᠢᠮ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠷᠢᠮᠵᠢᠶ᠎ᠠ ᠶᠢ ᠨᠡᠶᠢᠳᠡᠮ ᠬᠡᠷᠡᠭᠯᠡᠬᠦ ᠵᠠᠮ ᠢᠶᠠᠷ ᠰᠠᠶᠢᠲᠤᠷ ᠵᠠᠮᠨᠠᠵᠤ᠂ ᠰᠢᠨ᠎ᠡ ᠪᠠᠷ | ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠬᠥᠭᠵᠢᠯᠲᠡ ᠶᠢᠨ ᠪᠦᠬᠦᠯᠢ ᠴᠣᠭᠴᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ | ᠃ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠤ ᠬᠠᠩᠭᠠᠯᠭ᠎ᠠ ᠶᠢ ᠲᠦᠷᠭᠡᠳᠬᠡᠬᠦ ᠪᠠᠷ ᠬᠦᠲᠦᠯᠦᠮᠵᠢ ᠪᠣᠯᠭᠠᠵᠤ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠤ ᠦᠢᠯᠡᠳᠪᠦᠷᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠲᠡᠷᠢᠭᠦᠨ ᠤ ᠮᠡᠷᠭᠡᠵᠢᠯ ᠤᠨ ᠬᠤᠷᠴᠠ | ᠱᠠᠯᠠᠮᠠᠭᠠᠢ ᠪᠠᠷ ᠴᠤᠤᠷᠢᠶᠠᠲᠤᠬᠤ᠂ ᠲᠦᠷᠭᠡᠨ ᠣᠨᠳᠣᠣᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠪᠠᠷ ᠮᠠᠨᠳᠤᠭᠰᠠᠨ | ᠬᠦᠷᠢᠶ᠎ᠡ ᠴᠠᠷᠠᠭ᠎ᠠ ᠳᠠᠬᠢ ᠬᠥᠭᠵᠢᠯᠲᠡ ᠲᠠᠢ ᠵᠣᠬᠢᠴᠠᠭᠰᠠᠨ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ | ᠥᠷᠲᠡᠭ ᠤᠨ ᠬᠡᠯᠬᠢᠶ᠎ᠡ ᠶᠢ ᠪᠠᠶᠢᠭᠤᠯᠬᠤ ᠬᠡᠷᠡᠭᠲᠡᠢ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠰᠢᠨᠡᠳᠬᠡᠵᠦ᠂ ᠰᠢᠨ᠎ᠡ | ᠬᠡᠯᠪᠡᠷᠢ ᠶᠢᠨ ᠪᠠᠶᠢᠯᠳᠤᠬᠤ ᠬᠦᠴᠦᠨ ᠤ ᠪᠠᠶᠢᠭᠤᠯᠤᠯᠲᠠ ᠪᠠ ᠬᠡᠷᠡᠭᠯᠡᠭᠡᠨ ᠤ ᠵᠠᠭᠪᠤᠷ ᠢ ᠵᠣᠷᠢᠭᠲᠠᠢ ᠪᠠᠷ ᠰᠢᠨ᠎ᠡ ᠶᠢ ᠡᠭᠦᠳᠦᠨ | ᠰᠦᠪᠡᠭᠴᠢᠯᠡᠵᠦ᠂ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠢ ᠭᠦᠢᠴᠡᠳ ᠴᠢᠯᠦᠭᠡᠯᠡᠨ ᠬᠥᠭᠵᠢᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠬᠤᠷᠠᠯ ᠢ ᠡᠷᠬᠢᠯᠡᠵᠦ᠂ ᠨᠠᠮ ᠤᠨ ᠲᠥᠪ ᠬᠤᠷᠢᠶ᠎ᠠ ᠶᠢᠨ ᠤᠯᠤᠰ | ᠲᠥᠷᠥ ᠶᠢᠨ ᠲᠣᠪᠴᠢᠶᠠᠨ ᠤ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ | ᠸᠧᠢ ᠳ᠋ᠦᠩ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠵᠠᠩ ᠱᠧᠩ ᠮᠢᠨ | ᠬᠤᠷᠠᠯ ᠳᠤ ᠣᠷᠣᠯᠴᠠᠪᠠ᠃ |