ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠵᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ — ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠥᠪᠥᠷ ᠮᠣᠩᠭᠤᠯ ᠤᠨ ᠲᠥᠯᠥᠭᠡᠯᠡᠭᠴᠢ ᠭᠡᠰᠢᠭᠦᠳ ᠤᠨ ᠳᠤᠮᠳᠠ ᠬᠠᠯᠠᠭᠤᠨ ᠲᠤᠰᠬᠠᠯ ᠭᠠᠷᠴᠠᠢ
ᠨᠡᠶᠢᠲᠡᠯᠡᠭᠰᠡᠨ ᠴᠠᠭ᠄
2024/3/8
   3 ᠰᠠᠷ᠎ᠠ ᠶᠢᠨ 5 ᠤ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠴᠢᠨᠠᠷ ᠰᠠᠶᠢᠲᠠᠢ ᠪᠠᠷ ᠬᠦᠭᠵᠢᠬᠦᠯᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠨᠢ ᠥᠪᠥᠷ ᠮᠣᠩᠭᠤᠯ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠥᠪᠥᠷ ᠮᠣᠩᠭᠤᠯ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠮᠳᠠ ᠬᠠᠯᠠᠭᠤᠨ ᠲᠤᠰᠬᠠᠯ ᠭᠠᠷᠴᠤ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠥᠷᠨᠢᠩᠭᠦᠶ ᠬᠥᠭᠵᠢᠯᠲᠡ ᠶᠢ ᠠᠬᠢᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠣᠯᠠᠨ ᠢᠶᠠᠷ ᠢᠶᠠᠨ ᠢᠯᠡᠳᠭᠡᠵᠡᠭᠡᠪᠡ᠃   ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠤᠳᠭ᠎ᠠ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠰᠢᠨ᠎ᠡ ᠴᠠᠭ ᠦᠶ᠎ᠡ ᠳᠤ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠵᠦᠭᠯᠡᠭᠦᠷ ᠬᠠᠩᠭᠠᠪᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠳᠠᠷᠤᠭ᠎ᠠ ᠸᠠᠩ ᠸᠠᠩ ᠱᠧᠩ᠂ ᠪᠦᠬᠦ ᠣᠷᠣᠨ ᠤ ᠠᠮᠢ ᠠᠬᠤᠢ ᠣᠷᠴᠢᠨ ᠲᠣᠭᠤᠷᠢᠨ ᠤ ᠰᠢᠰᠲ᠋ᠧᠮ ᠤᠨ ᠬᠢᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠡᠨᠡ ᠬᠦ ︽ᠤᠯᠤᠰ ᠤᠨ ᠶᠡᠭᠡ ᠶᠠᠪᠤᠳᠠᠯ︾ ᠢ ᠢᠮᠠᠭᠲᠠ ᠪᠠᠲᠤ ᠴᠡᠭᠡᠵᠢᠯᠡᠵᠥ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠦᠨ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠥ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠤᠬᠠᠮᠰᠠᠷ ᠠᠴᠠ ᠪᠠᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠨ ᠪᠣᠳᠣᠯᠬᠢᠯᠠᠵᠥ᠂ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠪᠠ ︽ᠲᠣᠮᠣ ᠠᠮᠢ ᠠᠬᠤᠶ︾ ᠲᠠᠶᠢᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠭᠡᠨ ᠠᠬᠢᠭᠤᠯᠬᠤ ᠪᠠᠷ ᠭᠠᠷᠳᠠᠴᠠ ᠪᠣᠯᠭᠠᠵᠥ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠳᠠ ᠶᠢ ᠦᠷᠭᠡᠳᠭᠡᠬᠦ᠂ ᠦᠰᠦᠯᠳᠡ ᠶᠢ ᠨᠡᠮᠡᠭᠳᠡᠬᠦᠯᠬᠦ ᠶᠢ ᠵᠤᠬᠢᠴᠠᠭᠤᠯᠤᠨ ᠠᠬᠢᠭᠤᠯᠵᠥ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠣᠷᠴᠢᠯ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠥ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠪᠦᠬᠦᠢ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠬᠤ ᠶᠢ ᠠᠬᠢᠭᠤᠯᠵᠥ᠂ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠤ ᠲᠦᠷᠭᠡᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠥ᠂ ᠴᠢᠨᠠᠷ ᠰᠠᠶᠢᠲᠠᠶ ᠬᠥᠭᠵᠢᠯᠲᠡ ᠶᠢᠨ ᠪᠣᠬᠢᠷᠲᠤᠯ ᠥᠬᠡᠶ ᠳᠡᠪᠢᠰᠬᠡᠷ ᠦᠩᠬᠡ ᠶᠢ ᠪᠠᠬᠢᠵᠢᠭᠦᠯᠦᠨ᠎ᠡ ᠭᠡᠵᠥ ᠢᠯᠡᠳᠬᠡᠪᠡ᠃   ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢ ᠰᠢ ᠶᠢ ᠶᠡᠬᠡᠳᠡ ᠵᠣᠷᠢᠭᠵᠢᠭᠤᠯᠪᠠ᠂ ᠲᠡᠷᠡ᠄ ︽ᠵᠠᠮ ᠬᠠᠷᠢᠯᠴᠠᠭ᠎ᠠ ᠲᠡᠭᠡᠭᠡᠪᠦᠷᠢ ᠶᠢᠨ ᠨᠢᠭᠡ ᠲᠠᠯ᠎ᠠ ᠨᠢ ᠦᠢᠯᠡᠳᠪᠦᠷᠢᠯᠡᠯ ᠲᠠᠢ ᠬᠤᠯᠪᠣᠯᠳᠤᠵᠤ᠂ ᠨᠦᠬᠦᠭᠡ ᠲᠠᠯ᠎ᠠ ᠨᠢ ᠬᠡᠷᠡᠭᠯᠡᠭᠡ ᠲᠠᠢ ᠬᠤᠯᠪᠣᠯᠳᠤᠵᠤ᠂ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠬᠦ ᠴᠢᠬᠤᠯᠠ ᠭᠤᠭᠴᠤᠭ᠎ᠠ ᠪᠣᠯᠤᠨ᠎ᠠ᠂ ᠮᠥᠨ ᠴᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠪᠤᠢ ᠪᠣᠯᠭᠠᠬᠤ ᠴᠢᠬᠤᠯᠠ ᠬᠦᠷᠢᠶ᠎ᠡ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠵᠠᠮ ᠬᠠᠷᠢᠯᠴᠠᠭ᠎ᠠ ᠲᠡᠭᠡᠭᠡᠪᠦᠷᠢ ᠶᠢᠨ ︿ᠳᠦᠷᠦᠬᠦᠴᠢ ᠨᠣᠶᠠᠨ﹀ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠣᠳᠣᠬᠢᠴᠢᠯᠠᠭᠰᠠᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠤᠤᠷ ᠢ ᠲᠦᠷᠭᠡᠳᠭᠡᠨ ᠪᠠᠶᠢᠭᠤᠯᠵᠤ᠂ ᠥᠨᠳᠥᠷ ᠪᠦᠲᠦᠮᠵᠢᠲᠡᠶ ᠲᠡᠭᠡᠭᠡᠪᠦᠷᠢ ᠶᠢᠨ ᠦᠢᠯᠡᠴᠢᠯᠡᠭᠡ ᠶᠢ ᠣᠨᠣᠪᠴᠢᠲᠠᠶ ᠬᠠᠩᠭᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠲᠦᠷᠭᠡᠳᠭᠡᠨ ᠪᠠᠶᠢᠭᠤᠯᠵᠤ᠂ ᠡᠯ᠎ᠡ ᠲᠥᠷᠥᠯ ᠤᠨ ᠲᠤᠭ᠎ᠠ ᠪᠠᠷᠢᠮᠲᠠ ᠶᠢ ᠭᠦᠢᠴᠡᠳ ᠴᠡᠭᠴᠡᠯᠡᠨ ᠨᠡᠶᠢᠳᠬᠡᠵᠤ᠂ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠢᠢ ᠪᠡᠶᠡᠯᠡᠭᠦᠯᠵᠦ᠂ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠤᠨ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠳᠤ ᠰᠠᠶᠢᠲᠤᠷ ᠦᠢᠯᠡᠴᠢᠯᠡᠬᠦ ᠪᠠ ᠳᠡᠬᠦᠨ ᠢ ᠰᠠᠶᠢᠲᠤᠷ ᠪᠤᠶᠢᠵᠢᠭᠤᠯᠬᠤ᠂ ᠰᠠᠶᠢᠲᠤᠷ ᠬᠥᠭᠵᠢᠭᠦᠯᠬᠦ ᠳᠤ ᠪᠠᠲᠤ ᠴᠢᠩᠭ᠎ᠠ ᠬᠦᠴᠦᠨ ᠪᠥᠬᠦᠶ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠨ᠎ᠠ︾ ᠬᠡᠪᠡ᠃   ︽ᠪᠢᠳᠡ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠦᠭᠵᠢᠬᠦᠯᠬᠦ ᠶᠢᠨ ᠤᠬᠢ ᠱᠦᠯᠳᠦ ᠴᠢᠬᠤᠯᠠ ᠠᠭᠤᠯᠭ᠎ᠠ ᠶᠢ ᠰᠠᠶᠢᠲᠤᠷ ᠡᠵᠡᠮᠳᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠨᠡᠩ ᠶᠡᠭᠡ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠳᠡᠢ︾᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ ᠭᠦᠸᠧ ᠢᠦᠶ ᠹᠧᠩ᠄ ︽ᠪᠢᠳᠡ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︿ᠰᠢᠨ᠎ᠡ ᠵᠠᠮ ᠢ ᠨᠡᠭᠡᠭᠡᠨ ᠳᠤᠮᠳᠠ ᠲᠦᠪᠰᠢᠨ ᠳᠤ ᠣᠷᠣᠬᠤ﹀ ᠬᠠᠷᠠᠯᠲᠠ ᠶᠢ ᠪᠠᠳᠤ ᠡᠵᠡᠮᠳᠡᠵᠦ᠂ ᠠᠷᠠᠳ ᠣᠯᠠᠨ ᠢ ᠠᠮᠤᠭᠤᠯᠠᠩ ᠰᠠᠭᠤᠴᠠ ᠲᠠᠢ ᠪᠣᠯᠭᠠᠬᠤ ᠡᠨᠡ ᠬᠦ ᠰᠠᠭᠤᠷᠢ ᠴᠡᠭ ᠢ ᠪᠠᠲᠤ ᠠᠳᠬᠤᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢᠶᠠᠷ ᠬᠥᠭᠵᠢᠯᠲᠡ ᠳᠤ ᠬᠦᠴᠦᠨ ᠴᠢᠳᠠᠯ ᠣᠯᠭᠤᠵᠤ᠂ ᠬᠤᠲᠠ ᠬᠥᠳᠡᠭᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠰᠠᠶᠢᠨ ᠬᠡᠷ ᠪᠠᠶᠢᠰᠢᠩ᠂ ᠰᠠᠶᠢᠨ ᠰᠠᠭᠤᠭᠠᠯᠢ ᠲᠣᠭᠤᠷᠢᠭ᠂ ᠰᠠᠶᠢᠨ ᠨᠡᠶᠢᠭᠡᠮ ᠲᠣᠭᠤᠷᠢᠭ᠂ ᠰᠠᠶᠢᠨ ᠬᠤᠲᠠ ᠶᠢᠨ ᠲᠣᠭᠤᠷᠢᠭ ᠭᠡᠬᠦ ︿ᠳᠥᠷᠪᠡᠨ ᠰᠠᠶᠢᠨ﹀ ᠤ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠪᠠ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠬᠡᠷᠡᠭᠵᠢᠭᠦᠯᠦᠨ᠎ᠡ︔ ᠬᠡᠷ ᠭᠠᠵᠠᠷ ᠤᠨ ᠬᠥᠷᠥᠩᠭᠡ ᠪᠠ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠬᠡᠷ ᠭᠠᠵᠠᠷ ᠤᠨ ᠬᠥᠷᠥᠩᠭᠡ ᠶᠢᠨ ᠦᠢᠯᠡᠰ ᠪᠠ ᠪᠠᠷᠢᠯᠭ᠎ᠠ ᠶᠢᠨ ᠦᠢᠯᠡᠰ ᠭᠡᠬᠦ ︿ᠬᠤᠶᠠᠷ ᠲᠤᠯᠭᠠᠭᠤᠷᠢ﹀ ᠢᠢ ᠬᠦᠴᠦᠯᠡᠨ ᠲᠣᠭᠲᠠᠪᠤᠷᠢᠵᠢᠭᠤᠯᠵᠤ᠂ ︿ᠵᠢᠷᠭᠤᠭᠠᠨ ᠢᠨᠵᠧᠨᠧᠷᠢᠩ﹀᠂ ᠢᠯᠠᠩᠭᠤᠶ᠎ᠠ ︿ᠬᠠᠶᠢᠷ᠎ᠠ ᠬᠠᠯᠠᠮᠵᠢ ᠶᠢᠨ ᠢᠨᠵᠧᠨᠧᠷᠢᠩ﹀ ᠢ ᠰᠠᠶᠢᠲᠤᠷ ᠬᠡᠷᠡᠭᠵᠢᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠤ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠪᠣᠳᠠᠲᠤ ᠶᠠᠪᠤᠳᠠᠯ ᠬᠢᠨ᠎ᠠ︾ ᠭᠡᠵᠦ ᠬᠡᠯᠡᠪᠡ᠃ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ ᠭᠡᠰᠢᠭᠦᠨ ᠶᠦᠨ ᡁᠢ ᠾᠧᠦ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠰᠡᠳᠭᠢᠯ ᠮᠠᠰᠢ ᠦᠨᠳᠦᠷ ᠪᠠᠶᠢᠯ᠎ᠠ᠃ ᠶᠦᠨ ᡁᠢ ᠾᠧᠦ᠄ ︽ᠶᠡᠷᠦᠩᠬᠡᠢ ᠱᠦᠵᠢ ᠰᠢ ᠶᠢᠨ ᠫᠢᠩ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ᠳᠠᠬᠢᠨᠲᠠ ᠴᠢᠬᠤᠯᠠᠴᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠂ ᠲᠠᠷᠠᠭᠠᠴᠢ ᠶᠢᠨ ᠠᠯᠬᠤᠮ ᠳᠤ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ︿ᠲᠤᠬᠠᠶ ᠶᠢᠨ ᠭᠠᠵᠠᠷ ᠤᠨ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ﹀ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠨᠡ ᠬᠦ ᠬᠠᠮᠤᠭ ᠤᠨ ᠶᠡᠭᠡ ᠤᠯᠤᠰ ᠲᠥᠷᠥ ᠪᠠ ᠴᠢᠨᠠᠷ ᠰᠠᠶᠢᠲᠠᠶ ᠬᠥᠭᠵᠢᠯᠲᠡ ᠶᠢ ᠪᠠᠷᠢᠮᠲᠠᠯᠠᠬᠤ ᠡᠨᠡ ᠬᠦ ᠰᠢᠨ᠎ᠡ ᠴᠠᠭ ᠦᠶ᠎ᠡ ᠶᠢᠨ ᠬᠠᠲᠠᠭᠤ ᠶᠣᠰᠣ ᠶᠢ ᠪᠠᠲᠤ ᠡᠵᠡᠮᠳᠡᠵᠦ᠂ ᠡᠭᠦᠷᠭᠡ ᠬᠠᠷᠢᠭᠤᠴᠠᠯᠭ᠎ᠠ ᠭᠦᠢᠴᠡᠳᠭᠡᠬᠦ ᠭᠤᠤᠯᠳᠠᠯᠭ᠎ᠠ ᠪᠠᠨ ᠣᠨᠣᠪᠴᠢᠲᠠᠶ ᠣᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠥᠪᠥᠷ ᠮᠣᠩᠭᠤᠯ ᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠦᠷᠭᠡᠨ ᠬᠥᠭᠵᠢᠬᠦ ᠳᠤ ᠬᠦᠴᠦᠨ ᠨᠡᠮᠡᠷᠢᠯᠡᠨ᠎ᠡ︾ ᠭᠡᠪᠡ᠃    ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠬᠥᠮᠦᠰ ᠢ ᠵᠣᠷᠢᠭᠵᠢᠭᠤᠯᠵᠤ᠂ ᠡᠷᠡᠯᠬᠡᠭᠯᠡᠨ ᠤᠷᠤᠭᠰᠢᠯᠠᠭᠤᠯᠤᠨ᠎ᠠ︾᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ ᠵᠠᠬᠢᠷᠤᠯ ᠴᠧᠨ ᠠᠢ ᠰᠢᠤᠸᠠᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠦᠴᠦᠷᠬᠡᠭ ᠶᠡᠭᠡ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢᠶᠠᠷ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠢᠯᠡᠳᠭᠡᠪᠡ᠃ ᠲᠡᠷᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠢᠯᠠᠩᠭᠤᠶ᠎ᠠ ᠰᠢᠨᠵᠢᠯᠡᠬᠦ ᠤᠬᠠᠭᠠᠨ ᠲᠤᠭᠡᠶᠢᠠ᠋ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠪᠠᠷ ᠵᠢᠯᠣᠭᠤᠳᠤᠮᠵᠢ ᠪᠣᠯᠭᠠᠵᠤ᠂ ︽ᠰᠢᠨᠵᠢᠯᠡᠬᠦ ᠤᠬᠠᠭᠠᠨ ᠲᠤᠭᠡᠶᠢᠠ᠋ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠤᠭᠡᠶᠢᠠ᠋ ᠮᠡᠷᠭᠡᠵᠢᠯ ᠤᠨ ᠴᠤᠭᠯᠠᠷᠠᠯ ᠤᠨ ᠲᠠᠪᠴᠠᠩ ᠢ ᠰᠠᠶᠢᠲᠤᠷ ᠠᠰᠢᠭᠯᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢᠶᠠᠷ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠣᠳᠠᠲᠤ ᠴᠣᠭᠴᠠ ᠶᠢᠨ ᠠᠵᠤ ᠠᠬᠤᠢ ᠳᠤ ᠡᠨᠧᠷᠭᠢ ᠣᠯᠭᠤᠬᠤ ᠬᠡᠷᠡᠭᠲᠡᠢ᠃ ᠡᠭᠦᠨ ᠤ ᠬᠠᠮᠲᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡ ᠶᠢ ᠨᠢᠭᠡ ᠴᠣᠭᠴᠠᠵᠢᠭᠤᠯᠤᠭᠰᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠷᠢᠯᠳᠦᠴᠡ ᠳᠤᠤᠷ᠎ᠠ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠢ ᠰᠤᠳᠤᠯᠤᠨ ᠨᠡᠭᠡᠭᠡᠬᠦ ᠵᠡᠷᠭᠡ ᠥᠪᠥᠷ ᠮᠣᠩᠭᠤᠯ ᠤᠨ ︽ᠬᠠᠮᠤᠭ ᠤᠨ ᠰᠢᠯᠢᠳᠡᠭ ᠬᠦᠴᠦᠯᠡᠬᠦ ᠴᠡᠭ︾ ᠢ ᠣᠨᠣᠪᠴᠢᠲᠠᠶ ᠡᠷᠢᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠭᠦᠨᠵᠡᠭᠡᠶ ᠠᠭᠤᠰᠤᠯᠴᠠᠯ ᠢ ᠦᠨᠡᠨ ᠬᠦ ᠠᠬᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠨᠳᠤᠤᠰᠢᠭᠤᠯᠬᠤ ᠶᠢ ᠬᠦᠴᠦᠯᠡᠨ ᠰᠠᠶᠢᠲᠤᠷ ᠬᠢᠬᠦ ᠬᠡᠷᠡᠭᠲᠡᠶ ᠭᠡᠵᠦ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号