ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠬᠤᠶᠠᠳᠤᠭᠠᠷ ᠪᠦᠬᠦᠳᠡ ᠬᠤᠷᠠᠯ ᠬᠢᠪᠠ
ᠨᠡᠶᠢᠲᠡᠯᠡᠭᠰᠡᠨ ᠴᠠᠭ᠄
2024/3/8
   ᠸᠠᠩ ᠬᠣ᠋ ᠨᠢᠩ ᠣᠷᠣᠯᠴᠠᠵᠠᠢ 14 ᠭᠡᠰᠢᠭᠦᠨ ᠶᠡᠭᠡ ᠬᠤᠷᠠᠯ ᠳᠡᠭᠡᠷ᠎ᠡ ᠦᠬᠡ ᠬᠡᠯᠡᠪᠡ   ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ 7 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠤᠶᠠᠳᠤᠭᠠᠷ ᠪᠥᠬᠦᠳᠡ ᠬᠤᠷᠠᠯ ᠬᠢᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠣ᠋ ᠨᠢᠩ ᠬᠤᠷᠠᠯ ᠳᠤ ᠣᠷᠣᠯᠴᠠᠪᠠ᠃ 14 ᠭᠡᠰᠢᠭᠦᠨ ᠶᠡᠭᠡ ᠬᠤᠷᠠᠯ ᠳᠡᠭᠡᠷ᠎ᠡ ᠦᠬᠡ ᠬᠡᠯᠡᠵᠡᠢ᠃   ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠵᠢᠴᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠤᠷᠢᠯᠭ᠎ᠠ ᠪᠠᠷ ᠬᠤᠷᠠᠯ ᠳᠤ ᠣᠷᠣᠯᠴᠠᠵᠤ ᠦᠬᠡ ᠬᠡᠯᠡᠬᠦ ᠶᠢ ᠰᠣᠨᠣᠰᠴᠠᠢ᠃   ᠨᠢᠩ ᠵᠢᠢ ᠵᠤ᠋ ᠭᠡᠰᠢᠭᠦᠨ ᠦᠭᠡ ᠬᠡᠯᠡᠬᠦ ᠳᠡᠭᠡᠨ᠂ ᠥᠩᠭᠡᠷᠡᠭᠰᠡᠨ ᠨᠢᠭᠡ ᠵᠢᠯ ᠳᠤ᠂ ᠮᠠᠨ ᠤ ᠤᠯᠤᠰ ᠤᠨ ᠠᠵᠤ ᠠᠬᠤᠢ ᠰᠡᠷᠭᠦᠨ ᠰᠠᠶᠢᠵᠢᠷᠠᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠪᠠ᠃ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠮᠡᠭᠳᠡᠯ ᠢ ᠲᠣᠭᠲᠠᠭᠤᠨ ᠪᠠᠶᠢᠯᠭᠠᠬᠤ ᠳᠤ ᠠᠰᠢᠭᠲᠠᠶ ᠲᠥᠷᠥ ᠶᠢᠨ ᠪᠣᠳᠣᠯᠭ᠎ᠠ ᠶᠢ ᠢᠯᠡᠭᠦᠬᠡᠨ ᠨᠡᠶᠢᠳᠡᠯᠡᠬᠦ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠳᠣᠪᠤᠶᠢᠯᠭᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠭᠡᠨ ᠪᠦᠷᠢᠯᠳᠦᠭᠦᠯᠬᠦ︔ ᠠᠷᠭ᠎ᠠ ᠪᠦᠬᠦᠨ ᠢ ᠰᠦᠪᠡᠭᠴᠢᠯᠡᠵᠥ ᠳᠣᠲᠣᠭᠠᠳᠤ ᠬᠡᠷᠡᠭᠴᠡᠭᠡ ᠶᠢ ᠥᠷᠭᠡᠳᠭᠡᠵᠦ᠂ ᠬᠤᠲᠠ ᠬᠥᠳᠡᠭᠡ ᠪᠠ ᠣᠷᠣᠨ ᠪᠦᠰᠡ ᠶᠢᠨ ᠬᠥᠭᠵᠢᠯᠲᠡ ᠶᠢᠨ ᠣᠷᠣᠨ ᠵᠠᠶ ᠶᠢ ᠥᠷᠭᠡᠳᠭᠡᠬᠦ︔ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠵᠤ ᠂ ᠥᠭᠡᠷᠡᠴᠢᠯᠡᠯᠲᠡ ᠨᠡᠭᠡᠭᠡᠯᠲᠡ ᠶᠢᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠲᠠᠯ᠎ᠠ ᠪᠠᠷ ᠢᠳᠡᠪᠬᠢᠲᠡᠢ ᠤᠷᠤᠭᠰᠢᠯᠠᠨ ᠳᠠᠪᠰᠢᠬᠤ ᠶᠢ ᠰᠠᠨᠠᠭᠤᠯᠵᠤ ᠪᠠᠶᠢᠨ᠎ᠠ ᠬᠡᠪᠡ᠃   ᠴᠧᠨ ᠴᠢᠶᠦ᠋ᠨ ᠭᠡᠰᠢᠭᠦᠨ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠲᠥᠪ ᠬᠤᠷᠢᠶ᠎ᠠ ᠶᠢ ᠲᠥᠯᠥᠭᠡᠯᠡᠨ ᠦᠭᠡ ᠬᠡᠯᠡᠬᠦ ᠳᠡᠭᠡᠨ᠂ ᠮᠠᠨ ᠤ ᠤᠯᠤᠰ ᠰᠠᠭᠤᠷᠢ ᠰᠤᠳᠤᠯᠭᠠᠨ ᠤ ᠬᠦᠷᠢᠶᠡᠨ ᠳᠤ ᠲᠦᠷᠭᠡᠨ ᠬᠥᠭᠵᠢᠯᠲᠡ ᠣᠯᠪᠠ᠂ ᠰᠠᠭᠤᠷᠢ ᠰᠤᠳᠤᠯᠭᠠᠨ ᠤ ᠲᠦᠪᠰᠢᠨ ᠤ ᠳᠡᠭᠡᠭᠰᠢᠯᠡᠯᠲᠡ ᠶᠢ ᠴᠢᠨᠠᠭᠰᠢᠳᠠ ᠠᠬᠢᠭᠤᠯᠬᠤ ᠳᠤ ᠰᠠᠭᠤᠷᠢ ᠰᠤᠳᠤᠯᠭᠠᠨ ᠤ ᠵᠢᠮ᠎ᠡ ᠶᠣᠰᠣᠨ ᠳᠤ ᠨᠡᠶᠢᠴᠡᠬᠦ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠵᠤ᠂ ᠰᠠᠭᠤᠷᠢ ᠰᠤᠳᠤᠯᠭᠠᠨ ᠳᠤ ︽ᠬᠤᠷᠴᠠ ᠰᠠᠯᠠᠮ᠎ᠠ ᠶᠢ ᠪᠢᠯᠡᠭᠦᠳᠡᠬᠦᠢ ᠳᠤᠷ ᠠᠷᠪᠠᠨ ᠵᠢᠯ ᠬᠡᠷᠡᠭᠰᠡᠪᠡᠴᠤ︾ ᠪᠤᠯᠬᠤ ᠲᠦᠷᠢᠮ ᠤᠨ ᠣᠷᠴᠢᠨ ᠲᠣᠭᠤᠷᠢᠨ ᠢ ᠪᠤᠢ ᠪᠣᠯᠭᠠᠬᠤ ᠴᠢᠬᠤᠯᠠᠲᠠᠢ᠃ ᠴᠢᠯᠥᠭᠡᠲᠡᠢ ᠪᠠᠷ ᠰᠦᠪᠡᠭᠴᠢᠯᠡᠬᠦ ᠬᠡᠯᠪᠡᠷᠢ ᠶᠢᠨ ᠰᠠᠭᠤᠷᠢ ᠰᠤᠳᠤᠯᠭᠠᠨ ᠳᠤ ᠭᠦᠢᠴᠡᠳ ᠣᠷᠣᠨ ᠵᠠᠢ ᠦᠯᠡᠳᠡᠭᠡᠵᠦ ᠦᠭᠬᠦᠨ᠂ ᠰᠢᠨᠵᠢᠯᠡᠬᠦ ᠤᠬᠠᠭᠠᠨ ᠤ ᠰᠤᠳᠤᠯᠭᠠᠲᠠᠳ ᠤᠨ ᠦᠨᠡᠨ ᠬᠦ ᠦᠨ᠎ᠡ ᠦᠷᠳᠡᠭ ᠲᠠᠢ ᠰᠢᠨᠵᠢᠯᠡᠬᠦ ᠤᠬᠠᠭᠠᠨ ᠤ ᠠᠰᠠᠭᠤᠳᠠᠯ ᠪᠤᠶᠤ ᠮᠡᠷᠭᠡᠵᠢᠯ ᠤᠨ ᠬᠦᠴᠢᠷ ᠠᠰᠠᠭᠤᠳᠠᠯ ᠢ ᠡᠷᠢᠵᠥ ᠤᠯᠬᠤ ᠶᠢ ᠵᠤᠷᠢᠭᠵᠢᠭᠤᠯᠤᠨ ᠳᠡᠮᠵᠢᠵᠦ᠂ ᠬᠦᠨᠵᠡᠬᠡᠢ ᠨᠠᠷᠢᠯᠢᠭ ᠬᠢᠵᠥ᠂ ᠤᠷᠳᠤ ᠬᠤᠭᠤᠴᠠᠭ᠎ᠠ ᠪᠠᠷ ᠪᠠᠷᠢᠮᠳᠠᠯᠠᠵᠥ᠂ ᠰᠢᠨᠵᠢᠯᠡᠬᠦ ᠤᠬᠠᠭᠠᠨᠲᠠᠳ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠨᠳᠦ ᠡᠭᠦᠷᠭᠡ ᠶᠢ ᠡᠭᠦᠷᠭᠡᠯᠡᠬᠦ ᠶᠢ ᠵᠣᠷᠢᠭᠵᠢᠭᠤᠯᠪᠠᠯ ᠵᠤᠬᠢᠨ᠎ᠠ ᠬᠡᠪᠡ᠃   ᠢ ᠭᠠᠩ ᠭᠡᠰᠢᠭᠦᠨ ᠦᠭᠡ ᠬᠡᠯᠡᠬᠦ ᠳᠡᠭᠡᠨ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠥ᠂ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠬᠢᠭᠡᠳ ᠡᠳ᠋ ᠤᠨ ᠵᠠᠰᠠᠭ ᠵᠡᠷᠭᠡ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠬᠤ ᠶᠢᠨ ᠬᠠᠮᠲᠤ ᠠᠵᠤ ᠠᠬᠤᠶ ᠶᠢᠨ ᠡᠷᠬᠢᠯᠳᠡ ᠶᠢᠨ ᠬᠡᠰᠡᠭ ᠵᠠᠩᠭᠢᠯᠠᠭ᠎ᠠ ᠶᠢᠨ ᠭᠤᠭᠴᠤᠭ᠎ᠠ ᠳᠤ ᠬᠠᠨᠳᠤᠯᠭᠠᠳᠤ ᠴᠢᠨᠠᠷᠲᠠᠶ ᠠᠷᠭ᠎ᠠ ᠬᠡᠮᠵᠢᠶ᠎ᠡ ᠠᠪᠬᠤ ᠬᠡᠷᠡᠭᠲᠡᠶ᠃ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠣᠷᠣᠨ ᠵᠠᠢ ᠶᠢ ᠰᠠᠶᠢᠲᠤᠷ ᠬᠡᠷᠡᠭᠯᠡᠵᠦ᠂ ᠤᠯᠠᠨ ᠵᠦᠢᠯ ᠤᠨ ᠵᠣᠭᠤᠰᠣᠨ ᠤ ᠲᠦᠷᠦ ᠶᠢᠨ ᠪᠤᠳᠤᠯᠭ᠎ᠠ ᠶᠢᠨ ᠪᠠᠭᠠᠵᠢ ᠶᠢ ᠶᠡᠷᠦᠩᠬᠡᠶᠢᠯᠡᠨ ᠬᠡᠷᠡᠭᠯᠡᠵᠦ᠂ ᠨᠡᠶᠢᠭᠡᠮ ᠤᠨ ᠬᠦᠷᠦᠩᠭᠡ ᠶᠢᠨ ᠪᠡᠯᠡ ᠣᠷᠣᠭᠤᠯᠤᠯᠲᠠ ᠪᠠ ᠪᠡᠯᠡ ᠬᠤᠷᠠᠮᠳᠤᠭᠤᠯᠭ᠎ᠠ ᠶᠢ ᠨᠡᠮᠡᠭᠳᠡᠭᠦᠯᠬᠦ ᠶᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠮᠥᠩᠭᠦᠨ ᠭᠦᠢᠯᠭᠡᠭᠡᠨ ᠤ ᠥᠨᠳᠥᠷ ᠲᠦᠪᠰᠢᠨ ᠪᠦᠬᠦᠢ ᠨᠡᠭᠡᠭᠡᠯᠲᠡ ᠶᠢ ᠬᠦᠴᠦᠯᠡᠨ ᠠᠬᠢᠭᠤᠯᠵᠤ᠂ ᠤᠯᠤᠰ ᠤᠨ ᠮᠥᠩᠭᠦᠨ ᠭᠦᠢᠯᠭᠡᠭᠡᠨ ᠪᠠ ᠠᠵᠤ ᠠᠬᠤᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠰᠠᠨᠠᠭᠤᠯᠵᠤ ᠪᠠᠶᠢᠨ᠎ᠠ ᠬᠡᠪᠡ᠃   ᠰᠧ ᠮᠠ ᠬᠤᠩ ᠭᠡᠰᠢᠭᠦᠨ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶ᠎ᠠ ᠶᠢ ᠲᠥᠯᠥᠭᠡᠯᠡᠨ ᠦᠭᠡ ᠬᠡᠯᠡᠬᠦ ᠳᠡᠭᠡᠨ᠂ ᠴᠢᠨᠠᠷ ᠰᠠᠶᠢᠲᠠᠢ ᠬᠥᠭᠵᠢᠯᠲᠡ ᠨᠢ ᠣᠳᠣᠬᠢᠴᠢᠯᠠᠭᠰᠠᠨ ᠠᠵᠤ ᠦᠢᠯᠡᠰ ᠤᠨ ᠰᠢᠰᠲᠤᠮ ᠢᠶᠠᠷ ᠲᠤᠯᠭᠠᠭᠤᠷᠢᠯᠠᠭᠤᠯᠬᠤ ᠬᠡᠷᠡᠭᠲᠡᠢ᠃ ᠠᠵᠤ ᠦᠢᠯᠡᠰ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠵᠤ ᠦᠢᠯᠡᠰ ᠤᠨ ᠠᠭᠤᠰᠤᠯᠴᠠᠯ᠂ ᠪᠦᠯᠦᠭᠵᠢᠯ ᠤᠨ ᠬᠥᠭᠵᠢᠯᠲᠡ ᠶᠢ ᠠᠬᠢᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠪᠠᠷ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠲᠠᠶᠢᠴᠢᠯᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠦᠳᠤᠯᠤᠨ ᠳᠠᠭᠠᠭᠤᠯᠤᠭᠰᠠᠨ᠂ ᠲᠡᠷᠢᠭᠦᠨ ᠤ ᠦᠢᠯᠡᠳᠬᠦ ᠦᠢᠯᠡᠰ ᠢᠶᠠᠷ ᠭᠤᠣᠯᠯᠠᠭᠴᠢ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲᠤᠮ ᠢ ᠪᠠᠶᠢᠭᠤᠯᠤᠨ ᠪᠦᠷᠢᠯᠳᠦᠭᠦᠯᠬᠦ ᠶᠢ ᠰᠠᠨᠠᠭᠤᠯᠵᠤ ᠪᠠᠶᠢᠨ᠎ᠠ ᠬᠡᠪᠡ᠃   ᠴᠧ ᠵᠢᠶᠦ᠋ᠨ ᠭᠡᠰᠢᠭᠦᠨ ᠦᠭᠡ ᠬᠡᠯᠡᠬᠦ ᠳᠡᠭᠡᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠭᠴᠠᠵᠢᠭᠰᠠᠨ ᠬᠥᠭᠵᠢᠯᠲᠡ ᠶᠢ ᠠᠬᠢᠭᠤᠯᠬᠤ ᠪᠣᠯ ᠨᠢᠭᠡᠨ ᠲᠤᠮᠤ ᠶᠠᠪᠤᠳᠠᠯ ᠪᠣᠯᠤᠨ᠎ᠠ᠃ ᠨᠢᠭᠡ ᠴᠤᠭᠴᠠᠵᠢᠭᠤᠯᠬᠤ ᠪᠠ ᠴᠢᠨᠠᠷ ᠰᠠᠶᠢᠲᠠᠶ ᠪᠠᠶᠢᠬᠤ ᠶᠢ ᠴᠢᠩᠭ᠎ᠠ ᠡᠵᠡᠮᠳᠡᠨ᠂ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ ᠢ ᠨᠢᠭᠡᠳᠦᠯᠲᠡᠶ ᠲᠥᠯᠥᠪᠵᠢᠬᠦᠯᠤᠨ ᠪᠠᠶᠢᠷᠢᠯᠠᠭᠤᠯᠵᠤ᠂ ︽ᠪᠤᠭᠤᠮᠢ ᠪᠤᠯᠵᠤ ᠪᠠᠶᠢᠭ᠎ᠠ︾ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠲᠣᠭᠤᠷᠢᠨ ᠳᠤ ᠬᠠᠮᠲᠤᠷᠠᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ᠂ ᠳᠠᠪᠠᠭᠤᠯᠢᠭ ᠦᠢᠯᠡᠳᠪᠦᠷᠢᠯᠡᠯ ᠤᠨ ᠴᠢᠳᠠᠪᠤᠷᠢ᠂ ᠴᠢᠨᠠᠷ ᠰᠠᠶᠢᠲᠠᠶ ᠲᠣᠨᠣᠭᠯᠠᠯ᠂ ᠬᠡᠷᠡᠭᠯᠡᠭᠡᠨ ᠤ ᠮᠡᠷᠭᠡᠵᠢᠯ ᠪᠠ ᠪᠠᠷᠢᠮᠵᠢᠶ᠎ᠠ ᠶᠢᠨ ︽ᠭᠠᠷᠴᠤ ᠶᠠᠪᠤᠬᠤ︾ ᠶᠢ ᠠᠬᠢᠭᠤᠯᠵᠤ᠂ ᠨᠢᠭᠡ ᠴᠤᠭᠴᠠᠵᠢᠭᠤᠯᠤᠭᠰᠠᠨ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠶᠢ ᠰᠠᠨᠠᠭᠤᠯᠵᠤ ᠪᠠᠶᠢᠨ᠎ᠠ ᠬᠡᠪᠡ᠃   ᠸᠠᠩ ᠯᠦ ᠭᠡᠰᠢᠭᠦᠨ ᠲᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶ᠎ᠠ ᠶᠢ ᠲᠥᠯᠥᠭᠡᠯᠡᠨ ᠦᠭᠡ ᠬᠡᠯᠡᠬᠦ ᠳᠡᠭᠡᠨ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠤᠨ ᠬᠥᠭᠵᠢᠭᠦᠯᠬᠦ ᠬᠡᠷᠡᠭᠲᠡᠢ᠃ ᠰᠢᠨ᠎ᠡ ᠮᠠᠲ᠋ᠧᠷᠢᠶᠠᠯ ᠤᠨ ᠭᠤᠣᠯ ᠲᠥᠷᠥᠯ ᠵᠦᠢᠯ ᠪᠠ ᠭᠤᠣᠯᠳᠠᠯᠭ᠎ᠠ ᠲᠠᠢ ᠠᠵᠤ ᠦᠢᠯᠡᠰ ᠤᠨ ᠲᠥᠪᠯᠡᠷᠡᠭᠰᠡᠨ ᠣᠷᠣᠨ ᠢ ᠬᠠᠮᠤᠷᠤᠭᠰᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠲᠠᠭᠠᠭᠤᠯᠤᠬᠴᠢ ᠠᠵᠤ ᠠᠬᠤᠶᠢᠯᠠᠯ᠂ ᠲᠣᠯᠣᠭᠠᠶᠢᠯᠠᠬᠴᠢ ᠠᠵᠤ ᠠᠬᠤᠶᠢᠯᠠᠯ ᠢᠶᠠᠷ ᠭᠤᠤᠯᠯᠠᠭᠤᠯᠤᠭᠰᠠᠨ ᠠᠵᠤ ᠦᠢᠯᠡᠰ ᠵᠢᠭᠠᠨ ᠰᠤᠷᠭᠠᠯᠳᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠦᠢᠯᠡᠳᠦᠯᠬᠡ ᠶᠢᠨ ᠬᠡᠷᠡᠭᠯᠡᠯᠲᠡ ᠵᠡᠷᠭᠡ ᠥᠨᠳᠥᠷ ᠪᠦᠲᠦᠮᠵᠢᠲᠡᠶ ᠪᠠᠷ ᠬᠠᠮᠵᠢᠯᠴᠠᠭᠰᠠᠨ᠂ ᠡᠬᠢᠨ ᠤ ᠪᠠ ᠡᠴᠦᠰ ᠤᠨ ᠬᠡᠯᠬᠢᠶ᠎ᠠ ᠶᠢᠨ ᠨᠢᠭᠲᠠ ᠬᠠᠮᠲᠤᠷᠠᠯᠴᠠᠭᠰᠠᠨ ᠠᠵᠤ ᠦᠢᠯᠡᠰ ᠤᠨ ᠪᠦᠯᠦᠭᠵᠢᠯ ᠢ ᠪᠠᠶᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠮᠥᠩᠭᠦᠨ ᠭᠦᠢᠯᠭᠡᠭᠡᠨ᠂ ᠠᠵᠤ ᠦᠢᠯᠡᠰ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠴᠢᠳᠠᠪᠤᠷᠢᠲᠠᠨ᠂ ᠡᠬᠢ ᠪᠠᠶᠠᠯᠢᠭ᠂ ᠳ᠋ᠠᠶᠢᠲ᠋ᠠ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠰᠢᠨ᠎ᠡ ᠮᠠᠲ᠋ᠧᠷᠢᠶᠠᠯ ᠤᠨ ᠬᠥᠭᠵᠢᠯᠲᠡ ᠶᠢᠨ ᠬᠦᠷᠢᠶ᠎ᠡ ᠴᠠᠷᠠᠭ᠎ᠠ ᠳᠤ ᠨᠠᠩ ᠢᠯᠡᠭᠦᠤ ᠲᠥᠪᠯᠡᠷᠡᠭᠦᠯᠬᠦ ᠶᠢ ᠰᠠᠨᠠᠭᠤᠯᠵᠤ ᠪᠠᠶᠢᠨ᠎ᠠ ᠭᠡᠪᠡ᠃   ᠺᠦᠩ ᠴᠠᠩ ᠱᠧᠩ ᠭᠡᠰᠢᠭᠦᠨ ᠦᠭᠡ ᠬᠡᠯᠡᠬᠦ ᠳᠡᠭᠡᠨ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠠᠬᠢᠴᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠠᠷᠠᠯᠲᠠ ᠠᠬᠢᠴᠠ ᠪᠣᠯᠤᠨ ᠶᠠᠰᠤ ᠴᠢᠨᠠᠷ ᠤᠨ ᠰᠠᠶᠢᠨ ᠮᠠᠭᠤ ᠲᠠᠢ ᠰᠢᠭᠤᠳ ᠬᠤᠯᠪᠣᠭᠳᠠᠨ᠎ᠠ᠃ ᠬᠤᠰᠢᠭᠤᠷᠠᠯ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠢᠶᠠᠷ ᠲᠠᠷᠢᠶᠠᠯᠠᠩ ᠤᠨ ᠣᠳᠣᠬᠢᠴᠢᠯᠠᠯᠲᠠ ᠶᠢ ᠲᠤᠯᠭᠠᠭᠤᠷᠢᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠲᠠᠷᠢᠶᠠᠯᠠᠩ ᠤᠨ ᠮᠠᠰᠢᠨ᠂ ᠲᠠᠷᠢᠶᠠᠯᠠᠩ ᠤᠨ ᠦᠢᠯᠡᠳᠪᠦᠷᠢᠯᠡᠯ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠵᠡᠷᠭᠡ ᠭᠤᠭᠴᠤᠭ᠎ᠠ ᠶᠢᠨ ︽ᠬᠡᠯᠬᠢᠶ᠎ᠡ ᠮᠠᠶ᠋ᠢᠭ ᠤᠨ ᠠᠭᠤᠰᠤᠯᠴᠠᠯ︾ ᠢᠶᠠᠷ ᠲᠠᠷᠢᠶᠠᠯᠠᠩ ᠤᠨ ᠠᠵᠤ ᠦᠢᠯᠡᠰᠵᠢᠯᠲᠡ ᠶᠢ ᠠᠬᠢᠭᠤᠯᠵᠤ᠂ ᠵᠣᠬᠢᠬᠤ ᠬᠡᠪᠴᠢᠶᠡᠲᠦ ᠡᠵᠡᠩᠨᠡᠯᠲᠡ ᠪᠠᠷ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢᠨ ᠬᠤᠪᠢᠰᠤᠯᠲᠠ ᠶᠢ ᠠᠬᠢᠭᠤᠯᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠬᠥᠷᠥᠩᠭᠡ ᠶᠢ ᠪᠤᠶᠢᠵᠢᠭᠤᠯᠬᠤ ᠪᠠᠷ ᠲᠠᠷᠢᠶᠠᠯᠠᠩ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠵᠤ᠂ ᠲᠠᠷᠢᠶᠠᠯᠠᠩ ᠢ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠪᠥᠲᠥᠭᠡᠨ ᠪᠠᠶᠢᠭᠤᠯᠬᠤ ᠶᠢ ᠰᠠᠨᠠᠭᠤᠯᠵᠤ ᠪᠠᠶᠢᠨ᠎ᠠ ᠭᠡᠪᠡ᠃   ᠰᠢᠤᠢ ᠰᠢᠶᠤᠤ ᠯᠠᠨ ᠭᠡᠰᠢᠭᠦᠨ ᡁᠢᠭᠦ᠋ᠩᠳᠠᠩ ᠨᠠᠮ ᠤᠨ ᠲᠥᠪ ᠬᠤᠷᠢᠶ᠎ᠠ ᠶᠢ ᠲᠥᠯᠥᠭᠡᠯᠡᠨ ᠦᠭᠡ ᠬᠡᠯᠡᠬᠦ ᠳᠡᠭᠡᠨ᠂ ᠲᠣᠭᠠᠴᠢᠯᠠᠭᠰᠠᠨ ᠮᠡᠷᠭᠡᠵᠢᠯ ᠢᠶᠠᠷ ᠭᠤᠣᠯ ᠬᠥᠳᠡᠯᠭᠡᠬᠦ ᠬᠦᠴᠦᠨ ᠪᠣᠯᠭᠠᠵᠤ᠂ ᠰᠢᠨ᠎ᠡ ᠪᠠᠷ ᠮᠠᠨᠳᠤᠭᠰᠠᠨ ᠮᠡᠷᠭᠡᠵᠢᠯ ᠢᠶᠠᠷ ᠪᠡᠶᠡᠯᠡᠭᠦᠯᠬᠦ ᠠᠷᠭ᠎ᠠ ᠪᠠᠷᠢᠯ ᠪᠣᠯᠭᠠᠵᠤ᠂ ᠬᠡᠷᠡᠭᠯᠡᠭᠴᠢᠳ ᠤᠨ ᠬᠡᠷᠡᠭᠴᠡᠭᠡ ᠪᠠᠷ ᠭᠤᠣᠯ ᠤᠳᠤᠷᠢᠳᠤᠮᠵᠢ ᠪᠣᠯᠭᠠᠭᠰᠠᠨ ᠰᠢᠨ᠎ᠡ ᠬᠡᠯᠪᠡᠷᠢ ᠶᠢᠨ ᠬᠡᠷᠡᠭᠯᠡᠭᠡ ᠥᠷᠨᠢᠨ ᠬᠥᠭᠵᠢᠪᠡ᠃ ᠬᠡᠷᠡᠭᠴᠡᠭᠡ ᠶᠢᠨ ᠲᠠᠯ᠎ᠠ ᠠᠴᠠ ᠭᠠᠷᠳᠠᠨ ᠰᠢᠨ᠎ᠡ ᠬᠡᠷᠡᠭᠯᠡᠭᠡᠨ ᠤ ᠴᠤᠬᠴᠠ ᠶᠢ ᠪᠤᠶᠢᠵᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠠᠴᠠ ᠭᠠᠷᠳᠠᠨ ᠡᠯᠪᠡᠭ ᠪᠠᠶᠠᠯᠢᠭ ᠬᠡᠷᠡᠭᠯᠡᠭᠡᠨ ᠤ ᠵᠦᠢᠯ ᠪᠠ ᠬᠡᠷᠡᠭᠯᠡᠭᠡᠨ ᠤ ᠬᠡᠯᠪᠡᠷᠢ ᠶᠢ ᠬᠠᠩᠭᠠᠵᠤ᠂ ᠰᠢᠨ᠎ᠡ ᠬᠡᠯᠪᠡᠷᠢ ᠶᠢᠨ ᠬᠡᠷᠡᠭᠯᠡᠭᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠡᠷᠡᠭᠯᠡᠭᠡᠨ ᠤ ᠳᠠᠯᠳᠠ ᠬᠦᠴᠦᠨ ᠢ ᠲᠠᠰᠤᠷᠠᠯᠲᠠ ᠦᠭᠡᠢ ᠪᠠᠳᠠᠷᠠᠭᠤᠯᠬᠤ ᠶᠢ ᠰᠠᠨᠠᠭᠤᠯᠵᠤ ᠪᠠᠶᠢᠨ᠎ᠠ ᠬᠡᠪᠡ᠃   ᠯᠠᠨ ᠱᠤᠤ ᠮᠢᠨ ᠭᠡᠰᠢᠭᠦᠨ ᠦᠭᠡ ᠬᠡᠯᠡᠬᠦ ᠳᠡᠭᠡᠨ᠂ ᠠᠮᠤ ᠪᠤᠳᠠᠭᠠᠨ ᠤ ᠦᠢᠯᠡᠳᠪᠦᠷᠢᠯᠡᠯ ᠪᠣᠯ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠮᠥᠨ᠃ ᠮᠤᠵᠢ ᠶᠢᠨ ᠬᠤᠭᠤᠷᠣᠨᠳᠣᠬᠢ ᠬᠥᠨᠳᠡᠯᠡᠨ ᠴᠢᠭᠯᠡᠯ ᠤᠨ ᠠᠰᠢᠭ ᠲᠤᠰᠠ ᠶᠢᠨ ᠨᠥᠬᠦᠪᠥᠷᠢ ᠶᠢᠨ ᠲᠣᠭᠲᠠᠴᠠ ᠶᠢ ᠪᠠᠶᠢᠭᠤᠯᠵᠤ᠂ ᠲᠥᠪ ᠤᠨ ᠲᠡᠬᠡᠷ᠎ᠡ ᠠᠴᠠ ᠲᠤᠷᠤᠬᠰᠢ ᠶᠠᠪᠤᠭᠤᠯᠬᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠣᠯᠤᠨ ᠮᠤᠵᠢ ᠶᠢᠨ ᠬᠤᠭᠤᠷᠣᠨᠳᠣᠬᠢ ᠬᠥᠨᠳᠡᠯᠡᠨ ᠴᠢᠭᠯᠡᠯ ᠤᠨ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠤᠶᠠᠯᠳᠤᠭᠤᠯᠵᠤ᠂ ᠠᠮᠤ ᠪᠤᠳᠠᠭᠠᠨ ᠤ ᠭᠠᠷᠤᠯᠲᠠ ᠶᠡᠬᠡᠲᠡᠶ ᠮᠤᠵᠢ᠂ ᠠᠮᠤ ᠪᠤᠳᠠᠭᠠᠨ ᠤ ᠭᠠᠷᠤᠯᠲᠠ ᠶᠡᠬᠡᠲᠡᠶ ᠰᠢᠶᠠᠨ ᠢ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠨᠥᠬᠦᠪᠥᠷᠢ ᠥᠭᠬᠦ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠵᠤ᠂ ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠤ ᠠᠮᠤ ᠪᠤᠳᠠᠭ᠎ᠠ ᠳᠠᠷᠢᠬᠤ ᠢᠳᠡᠪᠬᠢᠵᠢᠯ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠭᠦᠢᠴᠡᠳ ᠬᠠᠩᠭᠠᠯᠭ᠎ᠠ ᠶᠢ ᠪᠠᠲᠤᠯᠠᠵᠤ᠂ ᠬᠦᠨᠡᠰᠦᠨ ᠠᠮᠤ ᠶᠢᠨ ᠲᠦᠢᠯ ᠤᠨ ᠠᠮᠤᠷ ᠲᠦᠪᠰᠢᠨ ᠢ ᠪᠠᠲᠤᠯᠠᠬᠤ ᠶᠢ ᠰᠠᠨᠠᠭᠤᠯᠵᠤ ᠪᠠᠶᠢᠨ᠎ᠠ ᠬᠡᠪᠡ᠃   ᠵᠤᠤ ᠵᠢᠩ ᠭᠡᠰᠢᠭᠦᠨ ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶ᠎ᠠ ᠶᠢ ᠲᠥᠯᠥᠭᠡᠯᠡᠨ ᠦᠭᠡ ᠬᠡᠯᠡᠬᠦ ᠳᠡᠭᠡᠨ᠂ ᠮᠥᠩᠭᠦᠨ ᠭᠦᠢᠯᠭᠡᠭᠡᠨ ᠨᠢ ᠠᠮᠢᠳᠤ ᠤᠰᠤ ᠮᠡᠲᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠶᠢ ᠤᠰᠤᠯᠠᠵᠤ᠂ ᠰᠢᠨ᠎ᠡ ᠶᠢ ᠡᠭᠦᠳᠬᠦ ᠬᠥᠷᠥᠰᠥ ᠰᠢᠷᠣᠢ ᠶᠢ ᠰᠢᠮᠡᠵᠢᠭᠦᠯᠵᠦ᠂ ᠰᠢᠨ᠎ᠡ ᠠᠵᠤ ᠦᠢᠯᠡᠰ ᠤᠨ ᠨᠢᠯᠬ᠎ᠠ ᠴᠢᠬᠢ ᠶᠢ ᠪᠤᠶᠢᠵᠢᠭᠤᠯᠳᠠᠭ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠲᠤᠰᠬᠠᠶ ᠪᠠᠯᠠ ᠮᠥᠩᠭᠦ ᠶᠢ ᠨᠡᠶᠢᠳᠭᠡᠵᠦ ᠪᠠᠶᠢᠭᠤᠯᠤᠨ᠂ ᠬᠥᠷᠥᠩᠭᠡ ᠶᠢᠨ ᠵᠠᠬ᠎ᠠ ᠳᠡᠯᠭᠡᠭᠦᠷ ᠤᠨ ᠦᠢᠯᠡᠳᠦᠯ ᠴᠢᠳᠠᠮᠵᠢ ᠶᠢ ᠨᠠᠩ ᠰᠠᠶᠢᠲᠤᠷ ᠪᠠᠳᠠᠷᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠴᠢᠳᠠᠪᠤᠷᠢᠲᠠᠨ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠲᠦᠷᠭᠡᠨ ᠬᠥᠮᠦᠵᠢᠭᠦᠯᠵᠦ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠢᠯᠡ ᠲᠣᠳᠣ ᠶᠢᠨ ᠬᠡᠮᠵᠢᠶ᠎ᠡ ᠪᠠ ᠠᠵᠢᠯ ᠲᠥᠷᠥᠯ ᠤᠨ ᠮᠡᠳᠡᠭᠡ ᠵᠠᠩᠭᠢ ᠶᠢᠨ ᠢᠯᠡ ᠲᠣᠳᠣ ᠴᠢᠨᠠᠷ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠰᠠᠨᠠᠭᠤᠯᠵᠤ ᠪᠠᠶᠢᠨ᠎ᠠ ᠬᠡᠵᠡᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号