ᠡᠷᠳᠡ ᠢᠵᠠᠭᠤᠷ ᠠᠴᠠ ᠠᠪᠤᠭᠠᠳ ᠮᠤᠩᠭᠤᠯᠴᠤᠳ ᠠᠷᠢᠭᠢ ᠤᠤᠭᠤᠬᠤ ᠳᠤ ᠤᠯᠠᠨ ᠶᠤᠰᠤ ᠵᠢᠷᠤᠮ ᠲᠠᠢ᠂ | ᠪᠤᠯᠪᠠᠰᠤᠨ ᠢ ᠡᠷᠭᠢᠮᠯᠠᠳᠡᠭ ᠵᠠᠩᠰᠢᠯ ᠲᠠᠢ ᠪᠠᠶᠢᠵᠠᠢ᠃ ᠶᠠᠮᠠᠷ ᠪᠠᠶᠢᠳᠠᠯ᠂ ᠶᠠᠮᠠᠷ ᠠᠬᠤᠢ ᠤᠷᠴᠢᠨ ᠳᠤ ᠴᠤ | ᠬᠤᠨᠳᠠᠭ᠎ᠠ ᠲᠠᠢ ᠠᠷᠢᠭᠢ ᠶᠢ ᠠᠪᠤᠩᠭᠤᠳᠠ ᠠᠮᠠ ᠤᠷᠤᠭᠤ ᠪᠠᠨ ᠴᠢᠳᠬᠤᠳᠠᠭ ᠦᠭᠡᠢ᠂ ᠬᠠᠷᠢᠨ ᠨᠠᠰᠤᠳᠠᠨ ᠪᠤᠭᠤᠷᠤᠯ | ᠂ ᠠᠬᠠᠰ ᠵᠠᠬᠠᠰ ᠲᠠᠭᠠᠨ ᠤᠷᠢᠳ ᠢᠶᠠᠷ ᠲᠠᠭᠡᠵᠢᠯᠠᠨ ᠭᠡᠮᠨᠠᠵᠤ ᠶᠤᠰᠤ ᠤᠴᠢᠷ ᠢᠶᠠᠨ ᠭᠦᠢᠴᠡᠳᠭᠡᠨ᠂ ᠲᠠᠷᠠᠭ᠎ᠠ ᠨᠢ | ᠭᠤᠷᠪᠠᠨᠳᠠ ᠰᠠᠷᠵᠢᠮᠯᠠᠨ ᠰᠠᠴᠤᠯᠢ ᠡᠷᠭᠦᠵᠤ ᠠᠮᠰᠠᠭᠠᠳ ᠤᠤᠭᠤᠳᠠᠭ᠃ ᠡᠨᠡ ᠭᠦ ᠵᠠᠩ ᠵᠢᠷᠤᠮ ᠤᠨ ᠪᠦᠷᠢᠯᠳᠤᠯ ᠨᠢ | ᠲᠠᠤᠭᠡ ᠶᠢᠨ ᠡᠰᠢ ᠪᠠᠷᠢᠮᠳᠠ ᠲᠠᠢ ᠪᠦᠭᠡᠳ ᠤᠴᠢᠷ ᠤᠳᠬ᠎ᠠ ᠨᠢ ᠮᠠᠰᠢ ᠭᠦᠨ ᠪᠠᠶᠢᠳᠠᠭ᠃ ᠠᠷᠢᠭᠢ ᠶᠢ ᠭᠤᠷᠪᠠᠨᠳᠠ | ᠭᠡᠮᠨᠠᠨ ᠰᠠᠴᠤᠯᠢ ᠡᠷᠭᠦᠳᠡᠭ ᠮᠤᠩᠭᠤᠯᠴᠤᠳ ᠤᠨ ᠶᠤᠰᠤ ᠵᠠᠩᠰᠢᠯ ᠢ ᠳᠤᠷᠠᠳᠬᠤ ᠳᠤ ᠴᠢᠩᠭᠢᠰ ᠬᠠᠭᠠᠨ ᠤ ᠪᠢᠯᠢᠭ | ᠰᠤᠷᠭᠠᠯ ᠠᠴᠠ ᠡᠷᠢᠵᠤ ᠳᠤᠳᠤᠯᠠᠬᠤ ᠤᠴᠢᠷᠳᠠᠢ᠃ ᠲᠠᠤᠭᠡᠨ ᠲᠠᠮᠳᠡᠭᠯᠡᠯ ᠢ ᠦᠨᠳᠤᠰᠤᠯᠠᠪᠠᠯ᠂ ᠨᠠᠢᠮᠠᠨ ᠤ ᠲᠠᠶᠠᠨ ᠬᠠᠨ | ᠴᠠᠭᠠᠨ ᠭᠡᠷᠡᠮ ᠤᠨ ᠠᠷᠤ ᠳᠤ ᠨᠤᠳᠤᠭᠰᠢᠭᠰᠠᠨ ᠤᠡᠭᠭᠤᠳ ᠠᠶᠢᠮᠠᠭ ᠤᠨ ᠲᠦᠷᠦᠭᠦᠤ ᠠᠯᠬᠤᠰᠢ ᠲᠠᠭᠢᠳᠬᠤᠷᠢ ᠳᠤ | ᠡᠯᠴᠢ ᠢᠯᠡᠭᠡᠵᠤ᠄ ︽ᠳᠤᠷᠤᠨ᠎ᠠ ᠵᠦᠭ ᠲᠤ ᠴᠦᠭᠡᠨ ᠮᠤᠩᠭᠤᠯᠴᠤᠳ ᠪᠤᠢ ᠭᠡᠳᠡᠭ᠂ ᠴᠢ ᠪᠠᠷᠠᠭᠤᠨ ᠭᠠᠷ ᠪᠤᠯᠵᠤ | ᠮᠤᠷᠳᠠ᠂ ᠪᠢ ᠠᠳᠡᠴᠡ ᠬᠠᠮᠰᠠᠵᠤ ᠲᠠᠳᠡᠭᠡᠷ ᠮᠤᠩᠭᠤᠯᠴᠤᠳ ᠤᠨ ᠬᠤᠷᠤᠮᠰᠠᠭ᠎ᠠ ᠰᠠᠭᠠᠳᠠᠭ ᠢ ᠪᠤᠯᠢᠶᠠᠨ ᠠᠪᠤᠰᠤᠭᠠᠢ︾ | ᠭᠡᠵᠠᠢ᠃ ᠠᠯᠬᠤᠰᠢ ᠲᠠᠭᠢᠳᠬᠤᠷᠢ᠄ ︽ᠪᠢ ᠪᠠᠷᠠᠭᠤᠨ ᠭᠠᠷ ᠴᠢᠨᠢ ᠪᠤᠯᠵᠤ ᠴᠢᠳᠠᠬᠤ ᠦᠭᠡᠢ︾ ᠭᠡᠵᠤ ᠡᠯᠴᠢ ᠶᠢ ᠨᠢ | ᠲᠠᠶᠠᠨ ᠬᠠᠨ ᠳᠤ ᠪᠤᠴᠠᠭᠠᠭᠠᠳ ᠦᠪᠠᠷ ᠤᠨ ᠵᠤᠬᠤᠨᠠᠭ ᠨᠠᠷᠠᠳᠤ ᠡᠯᠴᠢ ᠪᠠᠨ ᠲᠠᠶᠢᠽᠤ ᠪᠤᠭᠳᠠ ᠴᠢᠩᠭᠢᠰ ᠬᠠᠭᠠᠨ ᠳᠤ | ᠢᠯᠡᠭᠡᠵᠤ᠂ ᠵᠢᠷᠭᠤᠭᠠᠨ ᠪᠤᠳᠤᠩ ᠠᠷᠢᠭᠢ ᠪᠠᠯᠡᠭᠯᠡᠨ ᠲᠠᠶᠠᠨ ᠬᠠᠨ ᠤ ᠳᠤᠪᠳᠤᠯᠤᠯᠳᠠ ᠶᠢ ᠰᠠᠷᠠᠮᠵᠢᠯᠠᠳᠤᠭᠡᠢ ᠭᠡᠰᠡᠨ | ᠪᠠᠶᠢᠵᠠᠢ᠃ ︽ᠲᠠᠶᠢᠽᠤ ᠤᠷᠢᠳ ᠢᠶᠠᠷ ᠰᠠᠴᠤᠯᠢ ᠡᠷᠭᠦᠵᠤ ᠲᠠᠷᠠᠭ᠎ᠠ ᠨᠢ ᠵᠤᠭᠤᠭᠯᠠᠪᠠᠢ᠂ ᠭᠡᠮ ᠢ ᠭᠤᠷᠪᠠᠨᠳᠠ ᠡᠷᠭᠦᠵᠤ | ᠂ ᠡᠨᠡ ᠶᠠᠭᠤᠮ᠎ᠠ ᠶᠢ ᠪᠠᠭ᠎ᠠ ᠡᠳ᠋ᠯᠡᠪᠡᠰᠤ ᠴᠢᠨᠠᠷ ᠢ ᠭᠦᠭᠵᠢᠭᠡᠮᠤᠢ᠂ ᠶᠡᠭᠡ ᠡᠳ᠋ᠯᠡᠪᠡᠰᠤ ᠴᠢᠨᠠᠷ ᠢ ᠦᠳᠡᠭᠡᠷᠡᠮᠤᠢ︾ ᠭᠡᠵᠠᠢ᠃ | ᠠᠯᠬᠤᠰᠢ ᠲᠠᠭᠢᠳᠬᠤᠷᠢ ᠳᠤ ᠴᠢᠩᠭᠢᠰ ᠬᠠᠭᠠᠨ ᠠᠴᠠ᠄ ︽ᠨᠢᠭᠡᠨ ᠡᠳᠤᠷ ᠲᠠᠯᠠᠭᠡᠢ ᠳ᠋ᠡᠭᠢᠨ ᠮᠢᠨᠤ ᠪᠤᠯᠪᠠᠰᠤ ᠴᠢᠨᠤ | ᠠᠴᠢ ᠲᠤᠰᠠ ᠶᠢ ᠭᠡᠷᠭᠢᠨ ᠬᠠᠷᠢᠭᠤᠯᠬᠤ ᠶᠢ ᠮᠦᠡᠭᠭᠡ ᠲᠡᠭᠷᠢ ᠮᠠᠳᠠᠳᠤᠭᠡᠢ︾ ᠭᠡᠮᠡᠭᠰᠡᠨ ᠪᠦᠭᠡᠳ ᠲᠠᠶᠠᠨ ᠬᠠᠨ ᠢ | ᠬᠠᠮᠳᠤ ᠪᠠᠷ ᠲᠠᠶᠢᠯᠠᠬᠤ ᠪᠠᠷ ᠪᠤᠯᠵᠤᠭᠰᠠᠨ ᠠᠵᠢ᠃ ︽ᠰᠤᠳᠤᠷ ᠤᠨ ᠴᠢᠭᠤᠯᠭᠠᠨ︾᠂ ︽ᠮᠤᠩᠭᠤᠯ ᠤᠨ ᠨᠢᠭᠤᠴᠠ | ᠳᠤᠪᠴᠢᠶᠠᠨ︾᠂ ︽ᠪᠤᠭᠳᠠ ᠪᠠᠭᠠᠳᠤᠷ ᠤᠨ ᠪᠠᠶ᠎ᠠ ᠪᠠᠷ ᠲᠠᠶᠢᠯᠠᠭᠰᠠᠨ ᠲᠠᠮᠳᠡᠭᠯᠡᠯ︾ ᠵᠢᠴᠢ ︽ᠭᠤᠤ ᠲᠠᠩ ᠵᠦᠡᠭ | ᠰᠢᠶᠠᠨ ᠸᠠᠩ ᠤᠨ ᠭᠦᠰᠢᠶᠠᠨ ᠪᠢᠴᠢᠭ︾ ᠵᠡᠷᠭᠡ ᠲᠠᠤᠭᠡ ᠱᠠᠰᠳᠢᠷ ᠲᠤ ᠡᠨᠡ ᠳᠤᠬᠠᠢ ᠲᠠᠮᠳᠡᠭᠯᠡᠯ ᠴᠦᠮ ᠪᠤᠢ᠃ | ᠴᠢᠩᠭᠢᠰ ᠬᠠᠭᠠᠨ ᠠᠯᠬᠤᠰᠢ ᠲᠠᠭᠢᠳᠬᠤᠷᠢ ᠶᠢᠨ ᠭᠦᠷᠭᠡᠭᠰᠡᠨ ᠵᠢᠷᠭᠤᠭᠠᠨ ᠪᠤᠳᠤᠩ ᠠᠷᠢᠭᠢ ᠶᠢ ᠰᠠᠴᠤᠯᠢ ᠡᠷᠭᠦᠨ | ᠭᠤᠷᠪᠠᠨᠳᠠ ᠭᠡᠮ ᠡᠷᠭᠦᠵᠤ᠂ ᠨᠠᠢᠮᠠᠨ ᠠᠶᠢᠮᠠᠭ ᠢ ᠲᠠᠶᠢᠯᠠᠬᠤ ᠪᠠᠷ ᠶᠡᠭᠡ ᠴᠡᠷᠢᠭ ᠢᠶᠠᠨ ᠲᠠᠶᠢᠴᠢᠯᠠᠨ ᠮᠤᠷᠳᠠᠭᠠᠳ | ᠬᠠᠷᠪᠤᠭᠰᠠᠨ ᠰᠤᠮᠤ ᠮᠠᠳᠤ ᠬᠠᠷᠢᠯᠳᠠ ᠦᠭᠡᠢ ᠪᠠᠷ ᠨᠠᠢᠮᠠᠨ ᠠᠶᠢᠮᠠᠭ ᠢ ᠬᠤᠷᠢᠶᠠᠮᠵᠢᠯᠠᠨ ᠲᠦᠪᠰᠢᠳᠭᠡᠵᠤ᠂ | ᠮᠤᠩᠭᠤᠯ ᠤᠨ ᠶᠡᠭᠡ ᠬᠠᠭᠠᠨᠳᠤ ᠳᠤᠯᠭᠤᠷ ᠲᠦᠷᠦ ᠶᠢ ᠴᠤᠭᠴᠠᠯᠠᠭᠰᠠᠨ ᠪᠠᠶᠢᠨ᠎ᠠ᠃ ᠮᠤᠩᠭᠤᠯᠴᠤᠳ ᠡᠨᠡ ᠭᠦ | ᠢᠯᠠᠯᠳᠠ ᠪᠠᠨ ᠲᠠᠤᠭᠡᠨ ᠳᠤ ᠦᠨᠢ ᠤᠳᠠᠭᠠᠨ ᠳᠤᠷᠠᠰᠴᠤ ᠲᠠᠮᠳᠡᠭᠯᠡᠭᠦ ᠶᠢᠨ ᠲᠦᠯᠤᠭᠡᠨᠠ ᠴᠢᠩᠭᠢᠰ ᠬᠠᠭᠠᠨ ᠤ | ᠠᠷᠢᠭᠢ ᠶᠢ ᠭᠤᠷᠪᠠᠨᠳᠠ ᠭᠡᠮ ᠡᠷᠭᠦᠵᠤ ᠰᠠᠴᠤᠯᠢ ᠰᠠᠴᠤᠭᠰᠠᠨ ᠢᠶᠠᠷ ᠪᠠᠯᠭᠡᠳᠠᠯ ᠪᠤᠯᠭᠠᠵᠤ᠂ ᠪᠠᠶᠠᠷ ᠳᠤᠷᠠᠰᠬᠠᠯ᠂ ᠨᠠᠶᠢᠷ | ᠬᠤᠷᠢᠮ᠂ ᠲᠠᠶᠢᠯᠭ᠎ᠠ ᠲᠠᠭᠢᠯᠭ᠎ᠠ ᠵᠡᠷᠭᠡ ᠴᠤᠭᠯᠠᠭᠠᠨ ᠳᠤ ᠭᠦᠨᠳᠤᠳᠭᠡᠯ ᠤᠨ ᠶᠤᠰᠤ ᠪᠤᠯᠭᠠᠨ ᠠᠷᠢᠭᠢ ᠶᠢ ᠤᠷᠢᠳ ᠢᠶᠠᠷ | ᠭᠤᠷᠪᠠᠨᠳᠠ ᠰᠠᠷᠵᠢᠮᠯᠠᠨ ᠰᠠᠴᠤᠯᠢ ᠡᠷᠭᠦᠭᠦ ᠪᠤᠯᠵᠠᠢ᠃ ᠮᠦᠨ ᠠᠶᠠᠨ ᠵᠠᠮ ᠳᠤ ᠭᠠᠷᠬᠤ ᠳᠠᠭᠠᠨ ᠮᠤᠷᠳᠠᠭᠤᠯ ᠤᠨ | ᠠᠷᠢᠭᠢ ︽ᠲᠦᠷᠤᠭᠡᠨ ᠠᠷᠢᠭᠢ︾ ᠭᠡᠵᠤ ᠠᠷᠢᠭᠢ ᠶᠢ ᠭᠤᠷᠪᠠᠨᠳᠠ ᠭᠡᠮᠨᠡᠨ ᠰᠠᠴᠤᠯᠢ ᠡᠷᠭᠦᠵᠤ ᠮᠤᠷᠳᠠᠭᠤᠯᠬᠤ ᠵᠠᠩᠰᠢᠯ | ᠪᠤᠢ ᠪᠤᠯᠵᠤ᠂ ᠡᠨᠡ ᠨᠢ ᠤᠳᠤ ᠪᠤᠯᠳᠠᠯ᠎ᠠ ᠤᠯᠠᠮᠵᠢᠯᠠᠭᠳᠠᠵᠤ ᠪᠠᠶᠢᠨ᠎ᠠ᠃ ᠮᠤᠩᠭᠤᠯ ᠤᠨ ᠰᠠᠴᠡᠨ ᠬᠠᠨ ᠠᠶᠢᠮᠠᠭ ᠤᠨ | ᠵᠠᠷᠢᠮ ᠬᠤᠰᠢᠭᠤ ᠳᠤ ︽ᠦᠨᠡᠭᠡ ᠳᠤ ᠬᠤᠶᠠᠷ ᠴᠢᠭᠢ ᠲᠠᠢ ᠶᠤᠮ᠂ ᠦᠳᠠ ᠶᠢᠨ ᠬᠤᠨᠳᠠᠭ᠎ᠠ ᠭᠤᠷᠪᠠ ᠪᠠᠶᠢᠳᠠᠭ᠃ | ᠮᠤᠷᠢᠨ ᠳᠤ ᠬᠤᠶᠠᠷ ᠴᠢᠭᠢ ᠲᠠᠢ ᠰᠢᠤ᠂ ᠮᠤᠷᠳᠠᠭᠤᠯᠬᠤ ᠬᠤᠨᠳᠠᠭ᠎ᠠ ᠭᠤᠷᠪᠠ ᠶᠤᠮ︾ ᠭᠡᠵᠤ ᠭᠤᠷᠪᠠᠨ ᠬᠤᠨᠳᠠᠭ᠎ᠠ | ᠠᠷᠢᠭᠢ ᠪᠠᠷᠢᠵᠤ ᠮᠤᠷᠳᠠᠭᠤᠯᠬᠤ ︽ᠮᠤᠯᠤᠷ ᠤᠨ ᠠᠷᠢᠭᠢ︾ ᠪᠠᠶᠢᠳᠠᠭ ᠵᠠᠩ ᠵᠢᠷᠤᠮ ᠢ ᠪᠠᠰᠠ ᠵᠠᠷᠢᠮ ᠮᠠᠲ᠋ᠧᠷᠢᠶᠠᠯ ᠳᠤ | ᠲᠠᠮᠳᠡᠭᠯᠡᠵᠤ ᠪᠤᠢ᠃ |