ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠬᠤᠶᠠᠳᠤᠭᠠᠷ ᠪᠦᠬᠦᠳᠡ ᠬᠤᠷᠠᠯ ᠬᠢᠪᠡ
ᠨᠡᠶᠢᠲᠡᠯᠡᠭᠰᠡᠨ ᠴᠠᠭ᠄
2024/3/9
   ᠰᠢ ᠶᠢᠨ ᠫᠢᠩ ᠯᠢ ᠴᠢᠶᠠᠩ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠡᠷ ᠣᠷᠣᠯᠴᠠᠵᠠᠢ   ᠵᠤᠤ ᠯᠧ ᠵᠢᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ   ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠤᠨ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠬᠰᠠᠨ ᠪᠠ ᠬᠢᠨᠠᠨ ᠵᠥᠪᠯᠡᠵᠡᠢ   ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ 8 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠤᠶᠠᠳᠤᠭᠠᠷ ᠪᠥᠬᠦᠳᠡ ᠬᠤᠷᠠᠯ ᠬᠢᠵᠦ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠤᠯᠤᠨ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠬᠰᠠᠨ ᠪᠠ ᠬᠢᠨᠠᠨ ᠵᠦᠪᠯᠡᠵᠡᠢ᠃   ᠰᠢ ᠶᠢᠨ ᠫᠢᠩ᠂ ᠯᠢ ᠴᠢᠶᠠᠩ᠂ ᠸᠠᠩ ᠬᠤ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠡᠷ ᠬᠤᠷᠠᠯ ᠳᠤ ᠣᠷᠣᠯᠴᠠᠵᠠᠢ᠃   ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠂ ᠬᠤᠷᠢᠶᠠᠨ ᠳᠠᠷᠤᠭ᠎ᠠ ᠵᠤᠤ ᠯᠧ ᠵᠢᠢ ᠶᠡᠭᠡ ᠬᠤᠷᠠᠯ ᠳ᠋ᠡᠬᠡᠷ᠎ᠡ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ᠃ ᠵᠤᠤ ᠯᠤ᠋ ᠵᠢᠢ ᠮᠡᠳᠡᠭᠦᠯᠦᠯᠲᠡ ᠳᠡᠭᠡᠨ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠬᠰᠠᠨ ᠡᠬᠢᠯᠡᠯᠲᠡ ᠶᠢᠨ ᠵᠢᠯ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠠᠩᠬᠠᠨ ᠤ ᠵᠢᠯ ᠮᠥᠨ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠯᠭᠤᠭᠰᠠᠨ ᠡᠭᠦᠷᠭᠡ ᠬᠠᠷᠢᠭᠤᠴᠠᠯᠭ᠎ᠠ ᠶᠢ ᠣᠨᠣᠪᠴᠢᠲᠠᠢ ᠡᠵᠡᠮᠳᠡᠵᠦ᠂ ᠬᠥᠭᠵᠢᠯᠲᠡ ᠶᠢᠨ ᠶᠡᠭᠡ ᠬᠠᠨᠳᠤᠰᠢ ᠪᠠ ᠴᠠᠭ ᠦᠶ᠎ᠡ ᠶᠢᠨ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠶᠡᠭᠡ ᠴᠢᠭᠯᠡᠯ᠂ ᠶᠡᠭᠡ ᠵᠠᠷᠴᠢᠮ᠂ ᠶᠡᠭᠡ ᠶᠣᠰᠣ ᠶᠢ ᠪᠠᠲᠤ ᠰᠠᠬᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠥ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠠᠢ ᠬᠡᠵᠥ ᠵᠢᠭᠠᠵᠥ ᠭᠠᠷᠭᠠᠪᠠ᠃   ᠵᠣᠣ ᠯᠧ ᠵᠢᠶ ᠮᠡᠳᠡᠭᠦᠯᠦᠯᠲᠡ ᠳᠡᠭᠡᠨ᠂ ᠨᠢᠭᠡ ᠵᠢᠯ ᠤᠨ ᠲᠤᠷᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠭᠡᠬᠦ ᠶᠢ ᠪᠠᠷᠢᠮᠲᠠᠯᠠᠵᠤ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ ᠨᠢᠭᠡ ᠳᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠤᠯᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠵᠦ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠪᠠ ᠬᠢᠨᠠᠯᠲᠠ ᠲᠠᠯᠪᠢᠬᠤ ᠲᠦᠪᠰᠢᠨ ᠢ ᠳᠡᠭᠡᠭᠰᠢᠯᠡᠭᠦᠯᠪᠠ᠃ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠪᠠᠲᠤᠯᠠᠬᠤ ᠬᠠᠤᠯᠢ ᠴᠠᠭᠠᠵᠠ ᠶᠢᠨ ᠲᠦᠷᠢᠮ ᠢ ᠲᠡᠭᠦᠯᠳᠡᠷᠵᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠬᠠᠤᠯᠢ ᠶᠢ ᠲᠣᠭᠲᠠᠭᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠢ ᠬᠤᠶᠠᠷ ᠤᠳᠠᠭ᠎ᠠ ᠬᠢᠨᠠᠨ ᠵᠦᠪᠯᠡᠭᠰᠡᠨ ᠪᠥᠭᠡᠳ ᠲᠤᠰ ᠤᠳᠠᠭ᠎ᠠ ᠶᠢᠨ ᠶᠡᠭᠡ ᠬᠤᠷᠠᠯ ᠳᠤ ᠳᠡᠪᠰᠢᠭᠦᠯᠦᠨ ᠬᠢᠨᠠᠨ ᠵᠦᠪᠯᠡᠬᠦᠯᠬᠦ ᠪᠠᠷ ᠲᠣᠭᠲᠠᠭᠠᠪᠠ᠃ ᠬᠤᠶᠠᠷ ᠲᠤ᠂ ᠬᠠᠤᠯᠢ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠡᠨᠡ ᠬᠦ ᠵᠠᠩᠭᠢᠯᠠᠭ᠎ᠠ ᠶᠢ ᠠᠳᠬᠤᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠤᠨ ᠨᠡᠩ ᠰᠢᠨᠵᠢᠯᠡᠬᠦ ᠤᠬᠠᠭᠠᠨᠴᠢ ᠪᠥᠭᠡᠳ ᠪᠦᠷᠢᠨ ᠲᠡᠭᠦᠯᠳᠡᠷ᠂ ᠨᠢᠭᠡᠳᠦᠯᠲᠡᠶ ᠡᠷᠬᠡ ᠰᠦᠷ ᠲᠠᠢ ᠪᠠᠶᠢᠬᠤ ᠶᠢ ᠠᠬᠢᠭᠤᠯᠪᠠ᠃ ᠨᠢᠭᠡ ᠵᠢᠯ ᠤᠨ ᠲᠤᠷᠰᠢ᠂ ᠬᠠᠤᠯᠢ ᠴᠠᠭᠠᠵᠠ ᠶᠢᠨ ᠭᠡᠷᠡᠭ ᠢ ᠨᠡᠶᠢᠳᠠ 34 ᠬᠤᠪᠢ ᠬᠢᠨᠠᠨ ᠵᠦᠪᠯᠡᠵᠤ᠂ ᠲᠡᠭᠦᠨ ᠤ ᠳᠣᠲᠣᠷᠠᠬᠢ 21 ᠬᠤᠪᠢ ᠶᠢ ᠨᠢ ᠪᠠᠲᠤᠯᠠᠪᠠ᠂ ᠡᠭᠦᠨ ᠳᠤ ᠬᠠᠤᠯᠢ ᠴᠠᠭᠠᠵᠠ ᠶᠢ ᠲᠣᠭᠲᠠᠭᠠᠭᠰᠠᠨ ᠨᠢ 6 ᠬᠤᠪᠢ᠂ ᠬᠠᠤᠯᠢ ᠴᠠᠭᠠᠵᠠ ᠳᠤ ᠵᠠᠰᠠᠪᠤᠷᠢ ᠣᠷᠣᠭᠤᠯᠤᠭᠰᠠᠨ ᠨᠢ 8 ᠬᠤᠪᠢ᠂ ᠬᠠᠤᠯᠢ ᠴᠠᠭᠠᠵᠠ ᠶᠢᠨ ᠠᠰᠠᠭᠤᠳᠠᠯ ᠪᠠ ᠴᠢᠬᠤᠯᠠ ᠶᠡᠭᠡ ᠠᠰᠠᠭᠤᠳᠠᠯ ᠤᠨ ᠲᠤᠬᠠᠶ ᠲᠣᠭᠲᠠᠭᠠᠯ ᠭᠠᠷᠭᠠᠭᠰᠠᠨ ᠨᠢ 7 ᠬᠤᠪᠢ ᠪᠠᠭᠲᠠᠨ᠎ᠠ᠃ ᠭᠤᠷᠪᠠ ᠳᠤ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠯᠭᠤᠭᠰᠠᠨ ᠬᠢᠨᠠᠯᠲᠠ ᠲᠠᠯᠪᠢᠬᠤ ᠡᠷᠬᠡ ᠶᠢ ᠰᠠᠶᠢᠲᠤᠷ ᠬᠡᠷᠡᠭᠯᠡᠵᠦ᠂ ᠬᠢᠨᠠᠯᠲᠠ ᠲᠠᠯᠪᠢᠬᠤ ᠠᠵᠢᠯ ᠤᠨ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠢ ᠴᠢᠩᠭᠠᠷᠠᠭᠤᠯᠪᠠ᠃ ︽ᠨᠢᠭᠡ ᠵᠠᠰᠠᠭ ᠤᠨ ᠣᠷᠳᠣᠨ ᠬᠤᠶᠠᠷ ᠬᠤᠷᠢᠶ᠎ᠠ︾ ᠢᠢᠨ 22 ᠠᠵᠢᠯ ᠤᠨ ᠢᠯᠡᠳᠭᠡᠯ ᠪᠠ ᠠᠵᠢᠯ ᠤᠨ ᠮᠡᠳᠡᠬᠦᠯᠦᠯᠳᠠ ᠶᠢ ᠰᠣᠨᠣᠰᠤᠨ ᠬᠢᠨᠠᠨ ᠵᠦᠪᠯᠡᠵᠤ᠂ 5 ᠬᠠᠤᠯᠢ ᠴᠠᠭᠠᠵᠠ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ᠂ 2 ᠤᠳᠠᠭ᠎ᠠ ᠲᠤᠰᠬᠠᠶ ᠰᠡᠳᠦᠪᠲᠦ ᠯᠠᠪᠯᠠᠨ ᠠᠰᠠᠭᠤᠬᠤ᠂ 7 ᠵᠦᠢᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 2 ᠵᠦᠢᠯ ᠤᠨ ᠰᠢᠢᠳᠪᠦᠷᠢ ᠭᠠᠷᠭᠠᠪᠠ᠃ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠢ ᠬᠠᠤᠯᠢ ᠲᠤᠭᠳᠠᠭᠠᠯ ᠶᠣᠰᠣᠭᠠᠷ 157212 ᠬᠤᠪᠢ ᠤᠳᠠᠭ᠎ᠠ ᠰᠢᠢᠳᠪᠦᠷᠢᠯᠡᠪᠡ᠃ ᠲᠦᠷᠪᠡ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠨᠡᠩ ᠰᠠᠶᠢᠨ ᠭᠦᠢᠴᠡᠳᠭᠡᠬᠦ ᠶᠢ ᠲᠡᠮᠵᠢᠨ ᠪᠠᠲᠤᠯᠠᠪᠠ᠃ ᠲᠥᠯᠥᠭᠡᠯᠡᠭᠴᠢᠳ ᠤᠨ ᠠᠵᠢᠯ ᠤᠨ ᠵᠦᠪᠯᠡᠯ ᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢᠳ ᠯᠦᠭᠡ ᠶᠢᠨ ᠬᠠᠷᠢᠯᠴᠠᠭ᠎ᠠ᠂ ᠲᠥᠯᠥᠭᠡᠯᠡᠭᠴᠢᠳ ᠤᠨ ᠠᠷᠠᠳ ᠤᠯᠠᠨ ᠯᠤᠭ᠎ᠠ ᠶᠢᠨ ᠬᠠᠷᠢᠯᠴᠠᠭ᠎ᠠ ᠶᠢ ᠴᠢᠩᠭᠠᠳᠬᠠᠬᠤ ᠪᠠᠷ ᠭᠠᠷᠳᠠᠴᠠ ᠪᠣᠯᠭᠠᠵᠤ᠂ ᠲᠥᠯᠥᠭᠡᠯᠡᠭᠴᠢᠳ ᠤᠨ ᠠᠵᠢᠯ ᠢ ᠭᠦᠨᠵᠡᠭᠡᠶᠢᠷᠡᠭᠦᠯᠦᠨ ᠥᠷᠭᠡᠳᠭᠡᠪᠡ᠃ ᠲᠠᠪᠤ ᠳᠤ᠂ ᠤᠯᠤᠰ ᠤᠨ ᠶᠡᠷᠦᠩᠬᠡᠶ ᠭᠠᠳᠠᠭᠠᠳᠤ ᠬᠠᠷᠢᠯᠴᠠᠭ᠎ᠠ ᠶᠢ ᠳᠠᠭᠠᠵᠤ ᠲᠡᠭᠦᠨ ᠳᠤ ᠦᠢᠯᠡᠴᠢᠯᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢ ᠢᠳᠡᠪᠬᠢᠲᠡᠶ ᠥᠷᠨᠢᠭᠦᠯᠪᠡ᠃ ᠵᠢᠷᠭᠤᠭ᠎ᠠ ᠳᠤ᠂ ︽ᠲᠦᠷᠪᠡᠨ ᠪᠠᠶᠢᠭᠤᠯᠭ᠎ᠠ︾ ᠢᠢᠨ ᠪᠠᠶᠢᠷᠢ ᠲᠣᠭᠲᠠᠭᠠᠯᠲᠠ ᠪᠠ ᠱᠠᠭᠠᠷᠳᠠᠯᠭ᠎ᠠ ᠶᠣᠰᠣᠭᠠᠷ᠂ ᠪᠠᠶᠢᠩᠭᠤ ᠶᠢᠨ ᠬᠤᠷᠢᠶ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃   ᠮᠡᠳᠡᠭᠦᠯᠦᠯᠳᠡ ᠳᠤ ᠵᠣᠣ ᠯᠧ ᠵᠢᠶ᠂ ᠠᠵᠢᠯ ᠤᠨ ᠳᠤᠮᠳᠠ ᠪᠠᠰᠠ ᠵᠠᠷᠢᠮ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠪᠠ᠂ ᠲᠥᠯᠥᠭᠡᠯᠡᠭᠴᠢᠳ ᠪᠠ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠳᠠᠷᠤᠤ ᠬᠢᠴᠢᠶᠡᠩᠭᠦᠶ ᠪᠠᠷ ᠰᠣᠨᠣᠰᠴᠤ᠂ ᠠᠷᠠᠳ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠠᠵᠢᠯ ᠢᠶᠠᠨ ᠲᠠᠰᠤᠷᠠᠯᠲᠠ ᠥᠬᠡᠶ ᠴᠢᠩᠭᠠᠳᠬᠠᠨ ᠰᠠᠶᠢᠵᠢᠷᠠᠭᠤᠯᠤᠨ᠎ᠠ ᠭᠡᠵᠤ ᠵᠢᠭᠠᠵᠤ ᠭᠠᠷᠭᠠᠵᠠᠢ᠃ᠮᠡᠳᠡᠭᠦᠯᠦᠯᠲᠡ ᠳᠤ ᠵᠤᠤ ᠯᠧ ᠵᠢᠢ᠂ 2024 ᠣᠨ ᠪᠣᠯ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠪᠠᠰᠠ ᠴᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠪᠣᠯᠤᠨ᠎ᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠦᠨ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠬᠠᠤᠯᠢ ᠲᠣᠭᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭᠲᠠᠭᠠᠬᠤ ᠡᠷᠬᠡ᠂ ᠲᠣᠮᠢᠯᠠᠵᠤ ᠪᠠᠭᠤᠯᠭᠠᠬᠤ ᠡᠷᠬᠡ ᠶᠢ ᠬᠢᠨᠠᠮᠠᠭᠠᠢ ᠬᠡᠷᠡᠭᠵᠢᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠥ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠨ᠎ᠠ ᠭᠡᠵᠤ ᠵᠢᠭᠠᠵᠤ ᠭᠠᠷᠭᠠᠪᠠ᠃   ᠵᠤᠤ ᠯᠧ ᠵᠢᠢ ᠮᠡᠳᠡᠭᠦᠯᠦᠯᠲᠡ ᠳᠡᠭᠡᠨ ᠬᠤᠶᠢᠰᠢᠳᠠ ᠶᠢᠨ ᠨᠢᠭᠡ ᠵᠢᠯ ᠤᠨ ᠡᠭᠦᠷᠭᠡ ᠶᠢᠨ ᠲᠤᠬᠠᠢ ᠪᠠᠶᠢᠷᠢᠯᠠᠭᠤᠯᠤᠯᠲᠠ ᠬᠢᠵᠡᠢ ᠄ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠪᠠ ᠬᠢᠨᠠᠯᠲᠠ ᠶᠢ ᠴᠢᠩᠭᠠᠳᠬᠠᠨ᠎ᠠ︔ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ︔ ᠬᠢᠨᠠᠯᠲᠠ ᠲᠠᠯᠪᠢᠬᠤ ᠠᠵᠢᠯ ᠢ ᠯᠠᠪᠳᠠᠭᠤᠨ ᠪᠦᠲᠦᠮᠵᠢᠲᠡᠢ ᠰᠠᠶᠢᠲᠤᠷ ᠬᠢᠨ᠎ᠡ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢ ᠥᠷᠭᠡᠳᠭᠡᠨ ᠭᠦᠨᠵᠡᠭᠡᠶᠢᠷᠡᠭᠦᠯᠦᠨ᠎ᠡ︔ ᠪᠠᠶᠢᠩᠭᠤ ᠶᠢᠨ ᠬᠤᠷᠢᠶ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠬᠡᠷᠡᠭᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠪᠡ᠃ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ ᠵᠠᠩ ᠵᠢᠶᠦ᠋ᠨ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠳᠡᠭᠡᠨ᠂ 2023 ᠣᠨ ᠳᠤ᠂ ᠠᠷᠠᠳ ᠤᠨ ᠳᠡᠭᠡᠳᠦ ᠰᠢᠭᠦᠬᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ︽ᠲᠥᠪ ᠭᠤᠤᠯᠴᠢ ᠬᠢᠭᠡᠳ ᠦᠷ᠎ᠡ ᠪᠦᠲᠦᠮᠵᠢ︾ ᠢᠢᠨ ᠠᠵᠢᠯ ᠤᠨ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠮᠠᠭᠠᠶ ᠪᠠᠷ ᠬᠠᠤᠯᠢ ᠪᠠᠷᠢᠬᠤ᠋ ᠶᠢ ᠪᠠᠷᠢᠮᠲᠠᠯᠠᠵᠤ᠂ ᠶᠡᠭᠡ ᠲᠠᠯ᠎ᠠ ᠳᠤ ᠦᠢᠯᠡᠴᠢᠯᠡᠬᠦ᠂ ᠠᠷᠠᠳ ᠲᠦᠮᠡᠨ ᠤ ᠲᠥᠯᠥᠭᠡ ᠬᠠᠤᠯᠢ ᠪᠠᠷᠢᠬᠤ ᠠᠵᠢᠯ ᠢ ᠭᠦᠨᠵᠡᠭᠡᠶ ᠬᠢᠵᠦ ᠪᠣᠳᠠᠲᠠᠶ ᠬᠢᠵᠦ᠂ ᠰᠢᠭᠦᠨ ᠲᠠᠰᠤᠯᠬᠤ ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠳᠤ ᠯᠠᠪᠳᠠᠭᠤᠨ ᠪᠠᠲᠤᠲᠠᠶ ᠠᠯᠬᠤᠮ ᠢ ᠠᠯᠬᠤᠪᠠ᠃ ᠠᠷᠠᠳ ᠤᠨ ᠳᠡᠭᠡᠳᠦ ᠰᠢᠭᠦᠬᠦ ᠬᠤᠷᠢᠶ᠎ᠠ 21081 ᠬᠡᠷᠡᠭ ᠢ ᠬᠦᠯᠢᠶᠠᠨ ᠠᠪᠴᠤ᠂ 17855 ᠬᠡᠷᠡᠭ ᠢ ᠰᠢᠭᠦᠨ ᠳᠠᠭᠤᠰᠬᠠᠵᠤ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠤᠰ ᠲᠤᠰ 54.6%᠂ 29.5% ᠪᠠᠷ ᠨᠡᠮᠡᠭᠳᠡᠪᠡ᠃ ᠪᠦᠬᠦ ᠤᠯᠤᠰ ᠤᠨ ᠡᠯ᠎ᠡ ᠱᠠᠲᠤᠨ ᠤ ᠰᠢᠭᠦᠬᠦ ᠬᠤᠷᠢᠶ᠎ᠠ 4557.4 ᠲᠦᠮᠡᠨ ᠬᠤᠪᠢ ᠬᠡᠷᠡᠭ ᠢ ᠬᠦᠯᠢᠶᠡᠨ ᠠᠪᠴᠤ᠂ 4526.8 ᠲᠦᠮᠡᠨ ᠬᠤᠪᠢ ᠬᠡᠷᠡᠭ ᠢ ᠰᠢᠭᠦᠨ ᠳᠠᠭᠤᠰᠬᠠᠵᠤ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠤᠰ ᠲᠤᠰ 15.6%᠂ 13.4% ᠪᠠᠷ ᠨᠡᠮᠡᠭᠳᠡᠪᠡ᠃   ᠮᠡᠳᠡᠭᠦᠯᠦᠯᠳᠡ ᠳᠡᠭᠡᠨ᠂ ᠵᠠᠩ ᠵᠢᠶᠦ᠋ᠨ ᠲᠠᠪᠤᠨ ᠲᠠᠯ᠎ᠠ ᠪᠠᠷ 2023 ᠣᠨ ᠤ ᠠᠵᠢᠯ ᠢ ᠡᠷᠭᠢᠴᠡᠭᠦᠯᠪᠡ᠄ ᠨᠢᠭᠡ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠤᠳᠠᠳᠠᠶᠢᠵᠢᠭᠤᠯᠵᠤ᠂ ᠴᠢᠳᠠᠮᠠᠭᠠᠢ ᠬᠠᠤᠯᠢ ᠴᠠᠭᠠᠵᠠ ᠪᠠᠷ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠪᠠᠲᠤᠯᠠᠪᠠ︔ ᠬᠤᠶᠠᠷ ᠲᠤ᠂ ᠠᠷᠠᠳ ᠲᠦᠮᠡᠨ ᠤ ᠲᠥᠯᠥᠭᠡ ᠬᠠᠤᠯᠢ ᠪᠠᠷᠢᠬᠤ ᠶᠢ ᠪᠣᠳᠠᠲᠠᠶᠢᠵᠢᠭᠤᠯᠵᠤ᠂ ᠴᠢᠳᠠᠮᠠᠭᠠᠢ ᠪᠠᠷ ᠬᠠᠤᠯᠢ ᠪᠠᠷᠢᠬᠤ ᠪᠠᠷ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠪᠠᠲᠤᠯᠠᠪᠠ︔ ᠭᠤᠷᠪᠠ ᠳᠤ᠂ ᠡᠭᠢᠨ ᠠᠴᠠ ᠨᠢ ᠪᠣᠳᠠᠲᠠᠢ ᠠᠳᠬᠤᠵᠤ᠂ ᠡᠪᠡᠳᠴᠢᠯᠡᠭᠡᠳᠦᠢ ᠶᠢ ᠵᠠᠰᠠᠵᠤ᠂ ᠴᠢᠳᠠᠮᠠᠭᠠᠢ ᠬᠠᠤᠯᠢ ᠪᠠᠷᠢᠬᠤ ᠪᠠᠷ ᠤᠯᠤᠰ ᠪᠣᠯᠤᠨ ᠨᠡᠶᠢᠭᠡᠮ ᠤᠨ ᠵᠠᠰᠠᠯᠲᠠ ᠶᠢ ᠠᠬᠢᠭᠤᠯᠪᠠ︔ ᠲᠦᠷᠪᠡ ᠳᠤ᠂ ᠰᠢᠭᠦᠨ ᠲᠠᠰᠤᠯᠤᠯᠳᠠ ᠶᠢᠨ ᠬᠠᠮᠢᠶᠠᠷᠤᠯᠲᠠ ᠪᠠ ᠡᠩᠨᠡᠭᠡᠨ ᠤ ᠪᠠᠶᠢᠭᠤᠯᠤᠯᠲᠠ ᠶᠢ ᠪᠣᠳᠠᠲᠠᠢ ᠠᠳᠬᠤᠵᠤ᠂ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠢ ᠭᠦᠢᠴᠡᠳᠭᠡᠬᠦ ᠪᠠᠷ ᠲᠥᠪ ᠭᠤᠣᠯᠴᠢ ᠪᠠᠷ ᠬᠠᠤᠯᠢ ᠪᠠᠷᠢᠬᠤ ᠶᠢ ᠪᠠᠲᠤᠯᠠᠪᠠ︔ ᠲᠠᠪᠤ ᠳᠤ᠂ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠢ ᠭᠦᠢᠴᠡᠳᠭᠡᠬᠦ ᠪᠠᠷ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠪᠡ᠃   ᠵᠠᠩ ᠵᠢᠶᠦ᠋ᠨ ᠮᠡᠳᠡᠭᠦᠯᠦᠯᠲᠡ ᠳᠡᠭᠡᠨ᠂ 2024 ᠣᠨ ᠳᠤ᠂ ᠠᠷᠠᠳ ᠤᠨ ᠰᠢᠭᠦᠬᠦ ᠬᠤᠷᠢᠶ᠎ᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠭᠦᠨ ᠲᠠᠰᠤᠯᠬᠤ ᠠᠵᠢᠯ ᠤᠨ ᠣᠳᠣᠬᠢᠴᠢᠯᠠᠯᠲᠠ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠲᠤᠯᠭᠠᠭᠤᠷᠢᠯᠠᠬᠤ ᠪᠠ ᠦᠢᠯᠡᠴᠢᠯᠡᠬᠦ ᠪᠠᠷ ᠴᠢᠷᠮᠠᠶᠢᠬᠤ ᠬᠡᠷᠡᠭᠲᠡᠢ᠃ ᠴᠢᠳᠠᠮᠠᠭᠠᠢ ᠪᠠᠷ ᠬᠠᠤᠯᠢ ᠪᠠᠷᠢᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠎ᠡ︔ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠲᠡᠢ ᠠᠳᠬᠤᠵᠤ᠂ ᠰᠢᠭᠦᠨ ᠲᠠᠰᠤᠯᠬᠤ ᠠᠵᠢᠯ ᠤᠨ ᠣᠳᠣᠬᠢᠴᠢᠯᠠᠯᠲᠠ ᠶᠢ ᠲᠦᠷᠭᠡᠳᠭᠡᠨ ᠠᠬᠢᠭᠤᠯᠤᠨ᠎ᠠ︔ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠰᠢᠭᠦᠬᠦ ᠬᠤᠷᠢᠶ᠎ᠠ ᠶᠢᠨ ᠲᠡᠮᠦᠷ ᠴᠡᠷᠢᠭ ᠢ ᠬᠦᠴᠦᠯᠡᠨ ᠳᠠᠪᠲᠠᠨ ᠪᠣᠯᠪᠠᠰᠤᠷᠠᠭᠤᠯᠦᠨ᠎ᠠ᠃ ᠢᠲᠡᠭᠡᠯ ᠵᠣᠷᠢᠭ ᠢᠶᠠᠨ ᠪᠠᠲᠤᠳᠬᠠᠵᠤ᠂ ᠵᠠᠮ ᠨᠡᠭᠡᠭᠡᠨ ᠤᠷᠤᠭᠰᠢᠯᠠᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠪᠡ᠃   ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠶᠢᠩ ᠶᠦᠩ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠳᠡᠭᠡᠨ᠂ 2023 ᠣᠨ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠦᠴᠦᠲᠡᠢ ᠬᠢᠨᠠᠯᠲᠠ ᠳᠣᠣᠷ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠬᠡᠷᠡᠭ ᠨᠢᠭᠡ ᠪᠦᠷᠢ ᠶᠢ ᠴᠢᠨᠠᠷ ᠰᠠᠶᠢᠲᠠᠢ ᠪᠦᠲᠦᠮᠵᠢᠲᠡᠢ ᠰᠠᠶᠢᠲᠤᠷ ᠬᠢᠵᠦ᠂ ᠡᠯ᠎ᠡ ᠵᠦᠢᠯ ᠤᠨ ᠪᠠᠶᠢᠴᠠᠭᠠᠬᠤ ᠠᠵᠢᠯ ᠰᠢᠨ᠎ᠡ ᠠᠬᠢᠴᠠ ᠲᠠᠢ ᠪᠣᠯᠪᠠ᠃ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠡᠯ᠎ᠡ ᠲᠦᠷᠦᠯ ᠤᠨ ᠬᠡᠷᠡᠭ ᠢ ᠨᠡᠶᠢᠲᠡ 425.3 ᠲᠦᠮᠡᠨ ᠬᠤᠪᠢ ᠰᠢᠢᠳᠪᠦᠷᠢᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 28.9% ᠪᠠᠷ ᠨᠡᠮᠡᠭᠳᠡᠪᠡ ᠭᠡᠵᠦ ᠵᠢᠭᠠᠵᠤ ᠭᠠᠷᠭᠠᠪᠠ᠃   ᠮᠡᠳᠡᠭᠦᠯᠦᠯᠲᠡ ᠳᠡᠭᠡᠨ᠂ ᠶᠢᠩ ᠶᠦᠩ 2023 ᠣᠨ ᠤ ᠠᠵᠢᠯ ᠢ ᠡᠷᠭᠢᠴᠡᠭᠦᠯᠪᠠ᠄ ᠨᠢᠭᠡ ᠳᠤ᠂ ᠶᠡᠭᠡ ᠲᠠᠯ᠎ᠠ ᠳᠤ ᠦᠢᠯᠡᠴᠢᠯᠡᠵᠦ᠂ ᠪᠠᠶᠢᠴᠠᠭᠠᠬᠤ ᠡᠭᠦᠷᠭᠡ ᠴᠢᠳᠠᠪᠬᠢ ᠪᠠᠨ ᠭᠦᠢᠴᠡᠳ ᠭᠦᠢᠴᠡᠳᠭᠡᠵᠦ᠂ ᠲᠣᠭᠲᠠᠭᠤᠨ ᠪᠠᠶᠢᠳᠠᠯ ᠢ ᠬᠠᠮᠠᠭᠠᠯᠠᠨ ᠬᠥᠭᠵᠢᠯᠲᠡ ᠶᠢ ᠠᠬᠢᠭᠤᠯᠪᠠ︔ ᠬᠤᠶᠠᠷ ᠲᠤ᠂ ᠠᠷᠠᠳ ᠤᠨ ᠲᠥᠯᠥᠭᠡ ᠬᠠᠤᠯᠢ ᠪᠠᠷᠢᠵᠤ᠂ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠪᠠ︔ ᠭᠤᠷᠪᠠ ᠳᠤ᠂ ᠬᠠᠤᠯᠢᠵᠢᠯ ᠤᠨ ᠲᠥᠯᠥᠭᠡ ᠬᠠᠷᠢᠭᠤᠴᠠᠯᠭ᠎ᠠ ᠡᠭᠦᠷᠭᠡᠯᠡᠵᠦ᠂ ᠪᠠᠶᠢᠴᠠᠭᠠᠬᠤ ᠬᠢᠨᠠᠯᠲᠠ ᠲᠠᠯᠪᠢᠬᠤ ᠪᠠᠷ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠪᠠ︔ ᠲᠦᠷᠪᠡ ᠳᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠵᠦ᠂ ᠪᠠᠶᠢᠴᠠᠭᠠᠬᠤ ᠡᠷᠬᠡ ᠶᠢᠨ ᠬᠠᠤᠯᠢ ᠶᠣᠰᠣᠭᠠᠷ ᠵᠥᠪ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠪᠠ︔ ᠲᠠᠪᠤ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠤᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠪᠠ ᠭᠡᠵᠡᠢ᠃    ᠶᠢᠩ ᠶᠦᠩ ᠮᠡᠳᠡᠭᠦᠯᠦᠯᠲᠡ ᠳᠡᠭᠡᠨ᠂ 2024 ᠣᠨ ᠳᠤ᠂ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠲᠦᠷᠦ ᠶᠢᠨ ᠲᠠᠯ᠎ᠠ ᠠᠴᠠ ᠪᠣᠳᠣᠯᠬᠢᠯᠠᠵᠤ᠂ ᠬᠠᠤᠯᠢᠵᠢᠯ ᠤᠨ ᠲᠠᠯ᠎ᠠ ᠠᠴᠠ ᠬᠦᠴᠦᠯᠡᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢᠨ ᠪᠠᠶᠢᠴᠠᠭᠠᠬᠤ ᠦᠢᠯᠡᠳᠦᠯᠭᠡ ᠶᠢ ᠦᠷᠭᠦᠯᠵᠢᠯᠡᠨ ᠠᠬᠢᠭᠤᠯᠵᠤ᠂ ᠪᠠᠶᠢᠴᠠᠭᠠᠬᠤ ᠠᠵᠢᠯ ᠤᠨ ᠣᠳᠣᠬᠢᠴᠢᠯᠠᠯᠲᠠ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠲᠤᠯᠭᠠᠭᠤᠷᠢᠯᠠᠯ ᠪᠠ ᠦᠢᠯᠡᠴᠢᠯᠡᠭᠡ ᠬᠠᠨᠭ᠍ᠭᠠᠬᠤ ᠬᠡᠷᠡᠭᠲᠡᠢ᠃ ᠪᠠᠶᠢᠴᠠᠭᠠᠬᠤ ᠠᠵᠢᠯ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠠᠮᠤᠭᠤᠯᠠᠩ ᠢ ᠡᠷᠡᠰ ᠬᠠᠮᠠᠭᠠᠯᠠᠵᠤ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠰᠢᠨ᠎ᠡ ᠴᠠᠭ ᠦᠶ᠎ᠡ ᠶᠢᠨ ᠬᠠᠲᠠᠭᠤ ᠶᠣᠰᠣ ᠳᠤ ᠬᠠᠤᠯᠢ ᠶᠣᠰᠣᠭᠠᠷ ᠦᠢᠯᠡᠴᠢᠯᠡᠵᠦ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠢ ᠭᠦᠢᠴᠡᠳᠭᠡᠵᠦ᠂ ᠠᠷᠠᠳ ᠤᠯᠠᠨ ᠤ ᠪᠡᠶᠡᠴᠢᠯᠡᠨ ᠣᠶᠢᠯᠠᠭᠠᠵᠤ ᠳᠡᠶᠢᠯᠬᠦ ᠪᠣᠳᠠᠲᠤ ᠠᠰᠢᠭ ᠬᠦᠷᠳᠡᠵᠦ ᠳᠡᠶᠢᠯᠬᠦ ᠪᠦᠬᠦᠢ ᠠᠷᠠᠳ ᠤᠨ ᠲᠦᠯᠦᠭᠡ ᠭᠡᠬᠦ ᠪᠠᠶᠢᠴᠠᠭᠠᠬᠤ ᠠᠵᠢᠯ ᠢ ᠪᠤᠲᠠᠲᠠᠶᠢᠵᠢᠭᠤᠯᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠴᠢᠳᠠᠪᠤᠷᠢ ᠪᠠᠨ ᠰᠢᠨᠲᠠᠷᠠᠰᠢ ᠦᠭᠡᠢ ᠳᠡᠭᠡᠭᠰᠢᠯᠡᠭᠦᠯᠵᠦ᠂ ᠠᠷᠠᠳ ᠤᠨ ᠪᠠᠶᠢᠴᠠᠭᠠᠬᠤ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃   ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 2956 ᠬᠥᠮᠦᠨ ᠤ ᠳᠤᠳᠤᠷ᠎ᠠ ᠠᠴᠠ 2877 ᠬᠥᠮᠦᠨ ᠣᠷᠣᠯᠴᠠᠵᠤ᠂ 79 ᠬᠥᠮᠦᠨ ᠣᠷᠣᠯᠴᠠᠭᠰᠠᠨ ᠦᠭᠡᠢ᠃ ᠬᠤᠷᠠᠯ ᠳᠤ ᠣᠷᠣᠯᠴᠠᠭᠰᠠᠨ ᠬᠥᠮᠦᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃   ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠬᠦ ᠲᠡᠷᠢᠭᠦᠯᠡᠭᠴᠢ ᠯᠢ ᠬᠤᠩ ᠵᠥᠩ ᠡᠷᠭᠢᠯᠡᠪᠡ᠃   ᠡᠨᠡ ᠡᠳᠦᠷ ᠪᠣᠯ ︽3 · 8︾ ᠤ ᠳᠡᠯᠡᠬᠡᠶ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ ᠡᠳᠦᠷ ᠪᠤᠯᠤᠨ᠎ᠠ᠃ ᠬᠤᠷᠠᠯ ᠨᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠡᠮᠦᠨ᠎ᠡ ᠠᠴᠠ ᠡᠮᠡᠭᠲᠡᠶ ᠲᠥᠯᠥᠭᠡᠯᠡᠭᠴᠢᠳ᠂ ᠡᠮᠡᠭᠲᠡᠶ ᠭᠡᠰᠢᠭᠦᠳ᠂ ᠡᠮᠡᠭᠲᠡᠶ ᠠᠵᠢᠯᠲᠠᠳ᠂ ᠪᠦᠬᠦ ᠤᠯᠤᠰ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ᠂ ᠳᠡᠯᠡᠬᠡᠶ ᠶᠢᠨ ᠡᠯ᠎ᠡ ᠤᠯᠤᠰ ᠤᠨ ᠡᠮᠡᠭᠲᠡᠶᠢᠴᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠰᠠᠶᠢᠨ ᠰᠠᠶᠢᠬᠠᠨ ᠵᠦᠩᠨᠡᠯ ᠳᠡᠪᠰᠢᠭᠦᠯᠵᠡᠶ᠃   ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠢᠦᠢ ᠸᠧᠢ ᠭᠦᠸᠧ᠂ ᠸᠠᠩ ᠨᠢᠩ᠂ ᠸᠠᠩ ᠰᠢᠶᠤᠤ ᠬᠤᠢ᠂ ᠸᠠᠩ ᠮᠧᠩ ᠬᠤᠢ᠂ ᠪᠠᠶᠠᠨᠴᠢᠯᠠᠭᠤ  ᠹᠧᠩ ᠹᠸᠢ᠂ ᠯᠢᠦ ᠢ ᠯᠢᠶᠠᠩ᠂ ᠰᠦᠨ ᠱᠤᠤ ᠴᠤᠩ᠂ ᠳ᠋ᠦ᠋ ᠵᠢᠶᠠ ᠬᠤᠤ᠂ ᠯᠢ ᠰᠢᠤ ᠯᠢᠩ᠂ ᠶᠠᠩ ᠰᠢᠶᠤᠤ ᠴᠤᠤ᠂ ᠵᠠᠩ ᠵᠢᠤ ᠰᠢᠶᠠ᠂ ᠴᠧᠨ ᠭᠠᠩ᠂ ᠯᠢᠨ ᠡᠤ᠂ ᠢ ᠯᠢᠶᠠᠨ ᠬᠤᠩ᠂ ᠵᠧᠦ ᠽᠦ ᠢ᠂ ᠵᠤᠤ ᠢ ᠳ᠋ᠧ᠂ ᠽᠦᠮᠦ᠋ᠷᠠᠲ᠋ᠢ · ᠦᠪᠦ᠋ᠯᠢ᠂ ᠨᠢᠢ ᠶᠤᠸᠠᠢ  ᠹᠧᠩ᠂ ᠬᠤᠸᠠᠩ ᠯᠢ ᠰᠢᠨ᠂ ᠬᠤᠸᠠᠩ ᠴᠦ ᠫᠢᠩ᠂ ᠵᠢᠩ ᠵᠢᠶᠦ᠋ᠨ ᠬᠠᠢ᠂ ᠯᠦᠸᠧ ᠱᠤ᠋ ᠭᠠᠩ ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 8 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号