ᠰᠢᠨ᠎ᠡ ᠪᠠᠷ ᠮᠠᠨᠳᠤᠭᠰᠠᠨ ᠬᠦᠷᠢᠶᠡᠨ ᠤ ᠪᠠᠶᠢᠯᠳᠤᠬᠤ ᠪᠤᠳᠤᠯᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ ᠬᠦᠴᠦᠨ ᠢᠶᠠᠨ ᠲᠥᠪᠯᠡᠷᠡᠭᠦᠯᠦᠨ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠠ
ᠨᠡᠶᠢᠲᠡᠯᠡᠭᠰᠡᠨ ᠴᠠᠭ᠄
2024/3/9
   — ᠲᠡᠷᠢᠭᠦᠯᠡᠭᠴᠢ ᠰᠢ ᠶᠢᠨ ᠫᠢᠩ ᠤᠨ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠲᠥᠯᠥᠭᠡᠯᠡᠭᠴᠢᠳ ᠤᠨ ᠪᠦᠯᠬᠦᠮ ᠳᠤ ᠲᠠᠯᠪᠢᠭᠰᠠᠨ ᠴᠢᠬᠤᠯᠠ ᠶᠠᠷᠢᠶ᠎ᠠ ᠨᠢ ᠪᠦᠬᠦ ᠴᠡᠷᠢᠭ ᠤᠨ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠶᠢ ᠵᠣᠷᠢᠭᠵᠢᠭᠤᠯᠪᠠ   3 ᠰᠠᠷ᠎ᠠ ᠶᠢᠨ 7 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠲᠥᠯᠥᠭᠡᠯᠡᠭᠴᠢᠳ ᠤᠨ ᠪᠦᠯᠬᠦᠮ ᠤᠨ ᠪᠦᠬᠦᠳᠡ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠪᠦᠬᠦ ᠴᠡᠷᠢᠭ ᠤᠨ ᠳᠠᠷᠤᠭ᠎ᠠ ᠪᠠᠶᠢᠯᠳᠤᠭᠴᠢᠳ ᠤᠨ ᠳᠤᠮᠳᠠ ᠴᠢᠩᠭ᠎ᠠ ᠲᠤᠰᠬᠠᠯ ᠭᠠᠷᠪᠠ᠃   ᠥᠷᠭᠡᠨ ᠤᠯᠠᠨ ᠳᠠᠷᠤᠭ᠎ᠠ ᠪᠠᠶᠢᠯᠳᠤᠭᠴᠢ᠂ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠬᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠦᠨᠳᠦᠷᠴᠡ ᠠᠴᠠ ᠰᠢᠨ᠎ᠡ ᠪᠠᠷ ᠮᠠᠨᠳᠤᠭᠰᠠᠨ ᠬᠦᠷᠢᠶᠡᠨ ᠤ ᠪᠠᠶᠢᠯᠳᠤᠬᠤ ᠪᠤᠳᠤᠯᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠴᠢᠬᠤᠯᠠ ᠪᠠᠶᠢᠷᠢᠯᠠᠭᠤᠯᠤᠯᠲᠠ ᠬᠢᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠢᠯᠡᠰ ᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ᠂ ᠯᠠᠪᠲᠠᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ ᠭᠡᠵᠦ ᠢᠯᠡᠳᠭᠡᠵᠡᠬᠡᠪᠡ᠃   ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ ᠳᠡᠭᠡᠳᠦ ᠬᠡᠮᠵᠢᠶᠡᠨ ᠤ ᠦᠵᠡᠯ ᠰᠠᠨᠠᠭᠠᠨ ᠤ ᠤᠬᠠᠮᠰᠠᠷ ᠢᠶᠠᠷ ᠡᠷᠴᠢ ᠵᠣᠷᠢᠭ ᠢᠶᠠᠨ ᠨᠢᠭᠲᠠᠷᠠᠭᠤᠯᠤᠨ᠎ᠠ   ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠭᠡᠯᠳᠡᠰ ᠵᠥᠪᠯᠡᠯ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ ᠰᠢᠭᠤᠳ ᠬᠠᠷᠢᠶ᠎ᠠ ᠪᠠᠶᠢᠭᠤᠯᠤᠮᠵᠢ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠤᠭᠠᠳᠤ ᠵᠢᠯᠤᠭᠤᠳᠬᠤ ᠳᠦᠪ᠂ ᠡᠯ᠎ᠡ ᠪᠠᠶᠢᠯᠳᠤᠭᠠᠨ ᠤ ᠲᠣᠭᠤᠷᠢᠭ᠂ ᠡᠯ᠎ᠡ ᠴᠡᠷᠢᠭ ᠤᠨ ᠲᠥᠷᠥᠯ ᠮᠡᠷᠭᠡᠵᠢᠯ ᠤᠨ ᠲᠥᠷᠥᠯ ᠳᠤ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ ᠰᠢᠭᠤᠳ ᠬᠠᠷᠢᠶ᠎ᠠ ᠨᠢᠭᠡᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠳᠤ ᠂ ᠪᠦᠬᠦ ᠤᠯᠤᠰ ᠤᠨ ᠬᠤᠶᠠᠷ ᠬᠤᠷᠠᠯ ᠳᠤ ᠣᠷᠣᠯᠴᠠᠭᠰᠠᠨ ᠴᠡᠷᠢᠭ ᠠᠩᠬᠢ ᠶᠢᠨ ᠲᠥᠯᠥᠭᠡᠯᠡᠭᠴᠢ ᠭᠡᠰᠢᠭᠦᠨ ᠤ ᠰᠠᠭᠤᠭ᠎ᠠ ᠭᠠᠵᠠᠷ ᠲᠤ᠂ ᠤᠯᠠᠨ ᠢᠶᠠᠷ ᠢᠶᠠᠨ ᠲᠡᠷᠡ ᠳᠠᠷᠤᠢ ᠳᠤᠨᠢ ᠰᠤᠷᠤᠯᠴᠠᠨ ᠶᠠᠷᠢᠯᠴᠠᠵᠤ᠂ ᠲᠡᠷᠢᠭᠦᠯᠡᠭᠴᠢ ᠰᠢ ᠶᠢᠨ ᠫᠢᠩ ᠳᠡᠯᠡᠬᠡᠢ ᠶᠢᠨ ᠶᠡᠭᠡ ᠬᠠᠨᠳᠤᠰᠢ ᠶᠢ ᠭᠦᠨᠵᠡᠭᠡᠢ ᠠᠵᠢᠭᠯᠠᠵᠤ᠂ ᠴᠠᠭ ᠦᠶ᠎ᠡ ᠶᠢᠨ ᠠᠵᠠ ᠲᠣᠬᠢᠶᠠᠯ ᠢ ᠬᠤᠷᠴᠠ ᠰᠡᠷᠭᠡᠭ ᠢᠶᠠᠷ ᠡᠵᠡᠮᠳᠡᠵᠦ᠂ ᠰᠢᠨ᠎ᠡ ᠪᠠᠷ ᠮᠠᠨᠳᠤᠭᠰᠠᠨ ᠬᠦᠷᠢᠶᠡᠨ ᠤ ᠪᠠᠶᠢᠯᠳᠤᠬᠤ ᠪᠤᠳᠤᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠮᠠᠰᠢ ᠴᠢᠩᠭ᠎ᠠ ᠤᠯᠤᠰ ᠲᠦᠷᠦ ᠶᠢᠨ ᠬᠦᠳᠦᠯᠦᠨ ᠳᠠᠭᠠᠭᠤᠯᠬᠤ ᠴᠢᠨᠠᠷ᠂ ᠦᠵᠡᠯ ᠰᠠᠨᠠᠭᠠᠨ ᠤ ᠡᠭᠦᠳᠦᠯᠲᠡ ᠶᠢᠨ ᠴᠢᠨᠠᠷ ᠪᠠ ᠪᠠᠶᠢᠯᠳᠤᠬᠤ ᠪᠤᠳᠤᠯᠭ᠎ᠠ ᠶᠢᠨ ᠵᠢᠯᠣᠭᠤᠳᠬᠤ ᠴᠢᠨᠠᠷ ᠲᠠᠢ ᠪᠠᠶᠢᠬᠤ ᠶᠢ ᠭᠦᠨᠵᠡᠭᠡᠢ ᠣᠶᠢᠯᠠᠭᠠᠪᠠ᠃   ︽ᠡᠨᠡ ᠬᠦ ᠠᠯᠤᠰ ᠬᠡᠳᠦ ᠶᠢᠨ ᠪᠣᠳᠣᠯᠬᠢᠯᠠᠯ ᠪᠣᠯᠤᠨ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠨᠢ ᠴᠠᠭ ᠦᠶ᠎ᠡ ᠶᠢᠨ ᠤᠷᠤᠰᠬᠠᠯ ᠢ ᠳᠠᠭᠠᠵᠤ ᠪᠠᠶᠢᠭ᠎ᠠ ᠪᠥᠭᠡᠳ ᠴᠠᠭ ᠦᠶ᠎ᠡ ᠶᠢᠨ ᠬᠤᠪᠢᠷᠠᠯᠲᠠ ᠶᠢ ᠴᠤ ᠠᠷᠭᠠᠴᠠᠭᠠᠵᠤ᠂ ᠥᠷᠭᠡᠨ ᠠᠭᠤᠳᠠᠮ ᠬᠠᠷᠠᠴᠠ ᠶᠢ ᠬᠠᠷᠠᠭᠤᠯᠵᠤ᠂ ᠭᠦᠨ ᠭᠦᠨᠵᠡᠭᠡᠶ ᠪᠣᠳᠣᠯᠬᠢᠯᠠᠯ ᠢ ᠠᠭᠤᠯᠵᠤ ᠪᠠᠶᠢᠭ᠎ᠠ ᠪᠣᠯᠬᠤᠷ ᠤᠯᠤᠰ ᠢ ᠬᠦᠴᠦᠷᠬᠡᠭᠵᠢᠭᠦᠯᠬᠦ ᠴᠡᠷᠢᠭ ᠢ ᠬᠦᠴᠦᠷᠬᠡᠭᠵᠢᠭᠦᠯᠬᠦ ᠠᠭᠤᠤ ᠦᠢᠯᠡᠰ ᠲᠤ ᠬᠦᠴᠦᠷᠬᠡᠭ ᠶᠡᠭᠡ ᠰᠢᠨ᠎ᠡ ᠬᠥᠳᠡᠯᠭᠡᠬᠦ ᠬᠦᠴᠦᠨ ᠢ ᠣᠯᠭᠤᠬᠤ ᠨᠢ ᠯᠠᠪᠲᠠᠶ ᠶᠤᠮ︾ ᠭᠡᠵᠦ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠡᠭᠡ ᠰᠤᠷᠭᠠᠭᠤᠯᠢ ᠠᠴᠠ ᠢᠷᠡᠭᠰᠡᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠣ᠋ ᠭᠠᠩ ᠹᠤᠩ ᠬᠡᠯᠡᠪᠡ᠃   ︽ᠣᠳᠣᠬᠠᠨ ᠳᠤ᠂ ᠳᠡᠯᠡᠬᠡᠢ ᠶᠢᠨ ᠵᠠᠭᠤᠨ ᠵᠢᠯ ᠳᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠳᠠ ᠲᠦᠷᠭᠡᠰᠴᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠪᠢᠰᠬᠠᠯ᠂ ᠠᠵᠤ ᠦᠢᠯᠡᠰ ᠤᠨ ᠬᠤᠪᠢᠰᠬᠠᠯ ᠪᠣᠯᠤᠨ ᠴᠡᠷᠢᠭ ᠤᠨ ᠶᠠᠪᠤᠳᠠᠯ ᠤᠨ ᠬᠤᠪᠢᠰᠬᠠᠯ ᠦᠳᠲᠡᠷ ᠲᠦᠷᠭᠡᠨ ᠬᠥᠭᠵᠢᠵᠦ᠂ ᠰᠢᠨ᠎ᠡ ᠪᠠᠷ ᠮᠠᠨᠳᠤᠭᠰᠠᠨ ᠬᠦᠷᠢᠶ᠎ᠡ ᠨᠢᠭᠡᠨᠲᠡ ᠲᠤᠮᠤ ᠤᠯᠤᠰ ᠤᠨ ᠬᠥᠭᠵᠢᠯᠲᠡ ᠶᠢᠨ ᠮᠥᠷᠦ᠋ᠴᠡᠭᠡᠨ ᠤ ᠲᠠᠯᠠᠪᠤᠷ ᠪᠤᠯᠵᠤ᠂ ᠨᠡᠩ ᠴᠤ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠥᠷᠢᠰᠥᠯᠳᠦᠭᠡᠨ ᠤ ᠲᠥᠪᠯᠡᠷᠡᠯ ᠤᠨ ᠴᠡᠭ ᠪᠣᠯᠤᠭᠰᠠᠨ ᠪᠠᠶᠢᠨ᠎ᠠ︾᠃ ᠬᠠᠭᠤᠷᠠᠢ ᠵᠠᠮ ᠤᠨ ᠴᠡᠷᠢᠭ ᠤᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠮᠠᠨ ᠺᠠᠢ ᠬᠤᠩ᠂ ᠰᠢᠨ᠎ᠡ ᠪᠠᠷ ᠮᠠᠨᠳᠤᠭᠰᠠᠨ ᠬᠦᠷᠢᠶᠡᠨ ᠤ ᠪᠠᠶᠢᠯᠳᠤᠬᠤ ᠪᠤᠳᠤᠯᠭ᠎ᠠ ᠶᠢᠨ ᠴᠢᠳᠠᠪᠤᠷᠢ ᠨᠢ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠲᠠᠢ ᠬᠤᠯᠪᠣᠭᠳᠠᠵᠤ᠂ ᠤᠯᠤᠰ ᠤᠨ ᠠᠮᠤᠷ ᠲᠦᠪᠰᠢᠨ ᠪᠣᠯᠤᠨ ᠴᠡᠷᠢᠭ ᠤᠨ ᠶᠠᠪᠤᠳᠠᠯ ᠤᠨ ᠲᠡᠮᠡᠴᠡᠯ ᠤᠨ ᠰᠠᠨᠠᠭᠠᠴᠢᠯᠠᠭᠠᠳᠤ ᠡᠷᠭᠡ ᠲᠠᠢ ᠬᠤᠯᠪᠣᠭᠳᠠᠵᠤ᠂ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠶᠠᠷᠢᠶᠠᠨ ᠳᠤ ᠤᠯᠤᠰ ᠢᠶᠠᠨ ᠬᠦᠴᠦᠷᠬᠡᠭᠵᠢᠭᠦᠯᠬᠦ ᠴᠡᠷᠢᠭ ᠢᠶᠠᠨ ᠬᠦᠴᠦᠷᠬᠡᠭᠵᠢᠭᠦᠯᠬᠦ ᠶᠢ ᠨᠢᠭᠡ ᠴᠤᠭᠴᠠᠵᠢᠭᠤᠯᠤᠨ ᠲᠥᠯᠥᠪᠵᠢᠭᠦᠯᠬᠦ ᠠᠯᠤᠰ ᠬᠡᠳᠦ ᠶᠢᠨ ᠪᠣᠳᠣᠯᠬᠢᠯᠠᠯ ᠠᠭᠤᠯᠤᠭᠳᠠᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠬᠤ ᠪᠣᠯᠤᠨ᠎ᠠ ᠭᠡᠵᠤ ᠦᠵᠡᠪᠡ᠃   ︽ᠰᠢᠨ᠎ᠡ ᠪᠠᠷ ᠮᠠᠨᠳᠤᠬᠰᠠᠨ ᠬᠦᠷᠢᠶᠡᠨ ᠤ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠰᠢᠰᠲ᠋ᠧᠮ ᠳᠤ ᠳᠤᠷᠠᠳᠤᠭᠰᠠᠨ ᠰᠢᠨ᠎ᠡ ᠰᠡᠳᠦᠪ᠂ ᠣᠯᠭᠤᠭᠰᠠᠨ ᠰᠢᠨ᠎ᠡ ᠡᠭᠦᠷᠭᠡ ᠮᠥᠨ︾᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠰᠢᠰᠲᠤᠮ ᠠᠴᠠ ᠢᠷᠡᠭᠰᠡᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠤᠤ ᠵᠢᠶᠦ᠋ᠨ᠂ ᠪᠢᠳᠡ ᠡᠷᠬᠡᠪᠰᠢ ᠭᠦᠨᠵᠡᠭᠡᠢ ᠣᠶᠢᠯᠠᠭᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠡᠷᠡᠯᠬᠡᠭᠯᠡᠨ ᠤᠷᠤᠭᠰᠢᠯᠠᠵᠤ᠂ ᠰᠢᠨ᠎ᠡ ᠪᠠᠷ ᠮᠠᠨᠳᠤᠭᠰᠠᠨ ᠬᠦᠷᠢᠶᠡᠨ ᠤ ᠵᠠᠩᠭᠢᠯᠠᠭ᠎ᠠ ᠶᠢᠨ ᠡᠬᠢ ᠪᠠᠶᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠰᠢᠰᠲᠤᠮ ᠤᠨ ᠴᠡᠷᠢᠭ ᠠᠩᠬᠢ ᠣᠷᠣᠨ ᠨᠤᠲᠤᠭ ᠢ ᠵᠣᠬᠢᠴᠠᠭᠤᠯᠬᠤ᠂ ᠭᠤᠷᠪᠠᠨ ᠵᠠᠮ ᠤᠨ ᠴᠡᠷᠢᠭ ᠲᠤ ᠬᠠᠨᠳᠤᠭᠤᠯᠤᠭᠰᠠᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠦᠷᠢᠰᠦᠯᠳᠦᠬᠦ ᠬᠦᠴᠦᠨ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ᠂ ᠴᠡᠷᠢᠭ ᠠᠩᠬᠢ ᠶᠢᠨ ᠲᠠᠶᠢᠴᠢᠨ ᠬᠦᠴᠦᠨ ᠤ ᠴᠢᠨᠠᠷ ᠰᠠᠶᠢᠲᠠᠢ ᠤᠶᠠᠯᠳᠤᠯ ᠢ ᠠᠬᠢᠭᠤᠯᠬᠤ ᠬᠡᠷᠡᠭᠲᠡᠢ ᠭᠡᠵᠦ ᠬᠡᠯᠡᠪᠡ᠃   ᠵᠡᠭᠦᠨ ᠬᠡᠰᠡᠭ ᠤᠨ ᠪᠠᠶᠢᠯᠳᠤᠭᠠᠨ ᠤ ᠲᠣᠭᠤᠷᠢᠭ ᠠᠴᠠ ᠢᠷᠡᠭᠰᠡᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠸᠠᠩ ᠬᠤᠩ ᠶᠠᠨ᠂ ᠪᠠᠶᠢᠯᠳᠤᠭᠠᠨ ᠤ ᠲᠣᠭᠤᠷᠢᠭ ᠨᠢ ᠳᠡᠭᠡᠷ᠎ᠠ ᠳᠤᠤᠷᠠᠬᠢ ᠶᠢ ᠬᠤᠯᠪᠤᠵᠤ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠶᠢ ᠲᠤᠭᠤᠰᠢᠯᠠᠭᠤᠯᠵᠤ᠂ ᠪᠠᠶᠢᠯᠳᠤᠭᠠᠨ ᠢ ᠵᠢᠯᠣᠭᠤᠳᠬᠤ ᠵᠠᠩᠭᠢᠯᠠᠭ᠎ᠠ ᠶᠢᠨ ᠭᠤᠭᠴᠤᠭ᠎ᠠ ᠪᠣᠯᠤᠭᠰᠠᠨ ᠤ ᠬᠤᠪᠢ ᠳᠤ᠂ ᠨᠡᠩ ᠴᠤ ᠬᠤᠰᠢᠭᠤᠷᠠᠯ ᠮᠡᠷᠭᠡᠵᠢᠯ ᠪᠣᠯᠤᠨ ᠰᠢᠯᠢᠳᠡᠭ ᠡᠬᠢ ᠪᠠᠶᠠᠯᠢᠭ ᠢ ᠭᠦᠢᠴᠡᠳ ᠰᠢᠩᠭᠡᠭᠡᠨ ᠬᠡᠷᠡᠭᠯᠡᠵᠦ᠂ ᠪᠠᠲᠤ ᠴᠢᠩᠭ᠎ᠠ ᠥᠨᠳᠥᠷ ᠪᠦᠲᠦᠮᠵᠢᠲᠡᠢ ᠬᠠᠮᠲᠤᠷᠠᠭᠰᠠᠨ ᠪᠠᠶᠢᠯᠳᠤᠭᠠᠨ ᠤ ᠵᠢᠯᠣᠭᠤᠳᠬᠤ ᠪᠠᠶᠢᠭᠤᠯᠤᠮᠵᠢ ᠶᠢ ᠬᠦᠴᠦᠨ ᠢᠶᠠᠨ ᠲᠥᠪᠯᠡᠷᠡᠭᠦᠯᠦᠨ ᠪᠠᠶᠢᠭᠤᠯᠵᠤ᠂ ᠪᠠᠶᠢᠯᠳᠤᠭᠠᠨ ᠤ ᠲᠣᠭᠤᠷᠢᠭ ᠤᠨ ᠭᠤᠣᠯᠯᠠᠨ ᠪᠠᠶᠢᠯᠳᠤᠬᠤ ᠡᠭᠦᠷᠭᠡ ᠴᠢᠳᠠᠪᠬᠢ ᠪᠠᠨ ᠪᠦᠬᠦ ᠬᠦᠴᠦᠨ ᠢᠶᠠᠷ ᠢᠶᠠᠨ ᠰᠠᠶᠢᠲᠤᠷ ᠭᠦᠢᠴᠡᠳᠭᠡᠬᠦ ᠬᠡᠷᠡᠭᠲᠡᠢ ᠭᠡᠵᠦ ᠢᠯᠡᠳᠭᠡᠪᠡ᠃    ᠡᠮᠦᠨᠡᠲᠦ ᠣᠷᠣᠨ ᠤ ᠭᠦᠨ ᠠᠭᠤᠯᠠᠨ ᠳᠤ᠂ ᠲᠡᠶᠢᠷᠦᠯᠳᠦ ᠰᠤᠮᠤ ᠶᠢᠨ ᠴᠡᠷᠢᠭ ᠤᠨ ᠨᠢᠭᠡᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠰᠤᠷᠤᠯᠴᠠᠭᠠᠳ ᠤᠯᠠᠨ ᠢᠶᠠᠷ ᠢᠶᠠᠨ᠄ ︽ᠥᠩᠭᠡᠷᠡᠭᠰᠡᠨ ᠨᠢᠭᠡ ᠵᠢᠯ ᠳᠤ᠂ ᠨᠠᠮ᠂ ᠤᠯᠤᠰ ᠪᠣᠯᠤᠨ ᠴᠡᠷᠢᠭ ᠠᠩᠬᠢ ᠶᠢᠨ ᠦᠢᠯᠡᠰ ᠶᠡᠷᠦ ᠪᠤᠰᠤ ᠶᠢᠨ ᠠᠮᠵᠢᠯᠲᠠ ᠣᠯᠵᠤ᠂ ᠪᠢᠳᠡᠨ ᠳᠤ ︿ᠬᠤᠶᠠᠷ ᠢ ᠲᠣᠭᠳᠠᠭᠠᠬᠰᠠᠨ﹀ ᠤ ᠰᠢᠢᠳᠪᠦᠷᠢᠯᠡᠭᠴᠢ ᠠᠴᠢ ᠬᠤᠯᠪᠣᠭᠳᠠᠯ ᠢ ᠨᠡᠩ ᠭᠦᠨᠵᠡᠭᠡᠢ ᠤᠢᠢᠯᠠᠭᠠᠭᠤᠯᠵᠠᠢ ᠃ ᠰᠢᠨ᠎ᠡ ᠨᠢᠭᠡ ᠵᠢᠯ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠬᠠᠷᠢᠭᠤᠴᠠᠬᠤ ᠲᠦᠷᠢᠮ ᠢ ᠪᠦᠬᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠵᠤ᠂ ᠡᠭᠦᠷᠭᠡ ᠬᠠᠷᠢᠭᠤᠴᠠᠯᠭ᠎ᠠ ᠳᠠᠭᠠᠨ ᠦᠨᠡᠨᠴᠢ ᠪᠠᠶᠢᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠨᠠᠮ ᠤᠨ ᠲᠥᠪ ᠬᠤᠷᠢᠶ᠎ᠠ᠂ ᠲᠡᠷᠢᠭᠦᠯᠡᠭᠴᠢ ᠰᠢ ᠶᠢᠨ ᠫᠢᠩ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠢᠷᠡᠭᠡᠳᠦᠢ ᠶᠢᠨ ᠲᠠᠶᠢᠨ ᠳᠤ ᠢᠯᠠᠯᠲᠠ ᠤᠯᠬᠤ ᠬᠠᠲᠠᠭᠤ ᠬᠦᠴᠦᠨ ᠢ ᠴᠢᠷᠮᠠᠶᠢᠨ ᠳᠠᠪᠲᠠᠨ ᠪᠣᠯᠪᠠᠰᠤᠷᠠᠭᠤᠯᠤᠨ᠎ᠠ︾ ᠭᠡᠵᠤ ᠰᠠᠨᠠᠯ ᠨᠢᠭᠡᠳᠠᠢ ᠢᠯᠡᠳᠭᠡᠵᠡᠭᠡᠵᠠᠢ᠃   ᠬᠥᠭᠵᠢᠯᠲᠡ ᠶᠢᠨ ᠭᠤᠣᠯᠳᠠᠯᠭ᠎ᠠ ᠶᠢ ᠳᠤᠪᠤᠶᠢᠯᠭᠠᠵᠤ ᠦᠨᠡᠨ ᠬᠦ ᠠᠳᠬᠤᠵᠤ ᠪᠣᠳᠠᠲᠠᠢ ᠠᠵᠢᠯᠯᠠᠬᠤ ᠰᠤᠷᠲᠠᠯ ᠢᠶᠠᠷ ᠪᠦᠬᠦ ᠬᠦᠴᠦᠨ ᠢᠶᠠᠷ ᠪᠣᠭᠤᠮᠲᠠ ᠰᠢᠪᠲᠤᠯᠤᠨ᠎ᠠ   ᠲᠡᠷᠢᠭᠦᠯᠡᠭᠴᠢ ᠰᠢ ᠶᠢᠨ ᠫᠢᠩ᠂ ᠬᠥᠭᠵᠢᠯᠲᠡ ᠶᠢᠨ ᠭᠤᠣᠯᠳᠠᠯᠭ᠎ᠠ ᠶᠢ ᠲᠤᠪᠤᠶᠢᠯᠭᠠᠵᠤ᠂ ᠰᠢᠨ᠎ᠡ ᠪᠠᠷ ᠮᠠᠨᠳᠤᠭᠰᠠᠨ ᠬᠦᠷᠢᠶᠡᠨ ᠤ ᠪᠠᠶᠢᠯᠳᠤᠬᠤ ᠪᠤᠳᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠠᠶᠢᠯᠳᠤᠬᠤ ᠪᠤᠳᠤᠯᠭ᠎ᠠ ᠪᠣᠯᠤᠨ ᠲᠥᠯᠥᠪᠵᠢᠭᠦᠯᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠳᠠᠯᠠᠢ ᠳᠡᠭᠡᠷᠡᠬᠢ ᠴᠡᠷᠢᠭ ᠤᠨ ᠶᠠᠪᠤᠳᠠᠯ ᠤᠨ ᠲᠡᠮᠡᠴᠡᠯ ᠤᠨ ᠪᠡᠯᠡᠳᠭᠡᠯ᠂ ᠳᠠᠯᠠᠢ ᠲᠠᠩᠭᠢᠰ ᠤᠨ ᠡᠷᠬᠡ ᠠᠰᠢᠭ ᠢ ᠬᠠᠮᠠᠭᠠᠯᠠᠬᠤ ᠪᠠ ᠳᠠᠯᠠᠢ ᠲᠠᠩᠭᠢᠰ ᠤᠨ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠳᠠᠯᠠᠢ ᠲᠠᠩᠭᠢᠰ ᠢ ᠲᠦᠰᠦᠪᠯᠡᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠰᠠᠨᠰᠠᠷ ᠤᠨ ᠠᠶᠠᠯᠠᠯ ᠤᠨ ᠪᠠᠶᠢᠷᠢᠰᠢᠯ ᠢ ᠰᠢᠯᠢᠳᠡᠭᠵᠢᠭᠦᠯᠵᠦ᠂ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠰᠦᠯᠵᠢᠶᠡᠨ ᠤ ᠣᠷᠣᠨ ᠵᠠᠢ ᠶᠢᠨ ᠰᠡᠷᠭᠡᠶᠢᠯᠡᠯᠲᠡ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠣᠶᠤᠨᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠬᠦ ᠶᠢ ᠴᠢᠩᠭᠠᠳᠬᠠᠵᠤ᠂ ᠲᠡᠷᠢᠭᠦᠨ ᠤ ᠦᠷ᠎ᠡ ᠪᠦᠲᠦᠭᠡᠯ ᠢ ᠬᠡᠷᠡᠭᠯᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃   ︽ᠳᠠᠯᠠᠢ ᠶᠢᠨ ᠴᠡᠷᠢᠭ ᠤᠨ ᠰᠢᠨ᠎ᠡ ᠴᠢᠨᠠᠷ ᠪᠦ᠋ᠬᠦᠢ ᠪᠠᠶᠢᠯᠳᠤᠬᠤ ᠬᠦᠴᠦᠨ ᠤ ᠨᠡᠶᠢᠲᠡᠯᠢᠭ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢᠳᠡ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠢᠭᠠᠪᠤᠷᠢ ᠶᠣᠰᠣᠭᠠᠷ᠂ ᠴᠠᠭᠠᠷᠠᠭᠰᠠᠨ ᠡᠷᠳᠡᠮ ᠴᠢᠳᠠᠪᠤᠷᠢ ᠪᠠᠨ ᠱᠠᠯᠠᠪᠳᠠᠭᠤᠯᠤᠨ ᠪᠣᠯᠪᠠᠰᠤᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠪᠦᠲᠦᠮᠵᠢᠲᠡᠢ ᠭᠦᠢᠴᠡᠳᠭᠡᠵᠦ᠂ ᠳᠠᠯᠠᠢ ᠲᠠᠩᠭᠢᠰ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠲᠠᠯᠠᠢ ᠶᠢᠨ ᠴᠡᠷᠢᠭ ᠠᠴᠠ ᠢᠷᠡᠭᠰᠡᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠴᠢ ᠸᠧᠢ ᠭᠤᠸᠠᠩ ᠬᠡᠯᠡᠪᠡ᠃   7 ᠤ ᠤᠷᠤᠢ᠂ ᠱᠠᠨᠰᠢ ᠳᠤ ᠰᠠᠭᠤᠭ᠎ᠠ ᠴᠡᠷᠢᠭ ᠠᠩᠬᠢ ᠶᠢᠨ ᠨᠢᠭᠡᠨ ᠰᠠᠭᠤᠷᠢᠨ ᠠᠴᠠ ᠳᠠᠷᠤᠭ᠎ᠠ ᠪᠠᠶᠢᠯᠳᠤᠭᠴᠢᠳ ᠢ ᠵᠣᠬᠢᠶᠠᠨ ᠪᠠᠶᠢᠭᠤᠯᠤᠨ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ ᠰᠤᠷᠤᠯᠴᠠᠭᠤᠯᠵᠤ᠂ ᠤᠯᠠᠨ ᠢᠶᠠᠷ ᠢᠶᠠᠨ᠄ ︽ᠪᠢᠳᠡ ᠰᠠᠨᠰᠠᠷ ᠤᠨ ᠠᠶᠠᠯᠠᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠰᠢᠰᠲᠤᠮ ᠤᠨ ᠪᠠᠶᠢᠭᠤᠯᠤᠯᠲᠠ ᠶᠢ ᠠᠬᠢᠭᠤᠯᠬᠤ ᠤᠷᠤᠭᠰᠢᠯᠠᠯᠲᠠ ᠶᠢᠨ ᠴᠢᠭᠯᠡᠯ ᠢᠶᠠᠷ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠠᠶᠠᠨ ᠵᠠᠮ ᠳᠤ ᠳᠠᠷᠪᠠᠭᠤᠯ ᠬᠡᠶᠢᠰᠭᠡᠨ ᠡᠷᠡᠯᠬᠡᠭᠯᠡᠨ ᠲᠡᠮᠡᠴᠡᠵᠦ ᠡᠷᠡᠮᠡᠬᠡᠶᠢᠯᠡᠨ ᠤᠷᠤᠭᠰᠢᠯᠠᠨ᠎ᠠ︾ ᠭᠡᠵᠦ ᠶᠡᠬᠡᠳᠡ ᠵᠤᠷᠢᠭᠵᠢᠨ ᠬᠡᠯᠡᠪᠡ᠃    ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠠᠴᠠ ᠢᠷᠡᠭᠰᠡᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠣᠣ ᠳ᠋ᠠᠩ ᠨᠠᠢ᠂ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠴᠡᠷᠢᠭ ᠠᠩᠬᠢ ᠪᠠ ᠣᠷᠣᠨ ᠨᠤᠲᠤᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠣᠬᠢᠶᠠᠨ ᠪᠠᠶᠢᠭᠤᠯᠬᠤ ᠬᠦᠴᠦᠨ ᠢ ᠴᠢᠩᠭᠠᠳᠬᠠᠵᠤ᠂ ᠲᠠᠯᠠᠢ ᠲᠠᠩᠭᠢᠰ᠂ ᠰᠠᠨᠰᠠᠷ ᠣᠭᠲᠠᠷᠭᠤᠢ᠂ ᠰᠦᠯᠵᠢᠶᠡᠨ ᠤ ᠣᠷᠣᠨ ᠵᠠᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠤ ᠮᠡᠷᠭᠡᠵᠢᠯ ᠤᠨ ᠬᠠᠩᠭᠠᠯᠭ᠎ᠠ ᠶᠢ ᠴᠢᠩᠭᠠᠳᠬᠠᠵᠤ᠂ ᠰᠢᠨ᠎ᠡ ᠪᠠᠷ ᠮᠠᠨᠳᠤᠭᠰᠠᠨ ᠬᠦᠷᠢᠶᠡᠨ ᠤ ᠬᠤᠰᠢᠭᠤᠷᠠᠯ ᠮᠡᠷᠭᠡᠵᠢᠯ᠂ ᠴᠢᠳᠠᠪᠤᠷᠢᠲᠠᠨ᠂ ᠲᠤᠨᠤᠭ ᠲᠥᠬᠦᠭᠡᠷᠦᠮᠵᠢ ᠶᠢ ᠰᠢᠨ᠎ᠡ ᠴᠢᠨᠠᠷ ᠪᠦ᠋ᠬᠦᠢ ᠲᠠᠶᠢᠴᠢᠨ ᠬᠦᠴᠦᠨ ᠪᠣᠯᠭᠠᠨ ᠲᠦᠷᠭᠡᠨ ᠬᠤᠪᠢᠷᠠᠭᠤᠯᠬᠤ ᠬᠡᠷᠡᠭᠲᠡᠢ ᠭᠡᠵᠦ ᠢᠯᠡᠳᠭᠡᠪᠡ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号