ᠨᠢᠭᠡ ᠵᠦᠢᠯ ᠤᠨ ᠰᠢᠳᠦ ᠶᠢ ᠤᠨᠠᠭᠠᠳᠠᠭ ᠡᠪᠡᠳᠴᠢᠨ
ᠨᠡᠶᠢᠲᠡᠯᠡᠭᠰᠡᠨ ᠴᠠᠭ᠄
2024/4/1
    ᠪᠤᠶᠢᠯᠠ ᠶᠢᠨ ᠦᠷᠪᠢᠰᠦᠯ ᠪᠣᠯ ᠪᠢᠳᠡᠨ ᠤ ᠰᠢᠳᠦ ᠶᠢ ᠠᠮᠠᠷᠬᠠᠨ ᠤᠨᠠᠭᠠᠳᠠᠭ ᠬᠡᠷᠡᠭ ᠤᠨ ᠡᠵᠡᠨ ᠶᠤᠮ︕ ᠡᠶᠢᠮᠦ ᠡᠪᠡᠳᠴᠢᠨ ᠢ ᠮᠠᠰᠢ ᠣᠯᠠᠨ ᠬᠥᠮᠦᠨ ᠵᠠᠯᠠᠭᠤ ᠪᠠᠶᠢᠬᠤ ᠳᠠᠭᠠᠨ ᠲᠡᠮᠡᠢ ᠠᠩᠬᠠᠷᠤᠯ ᠳᠠᠭᠠᠨ ᠠᠪᠳᠠᠭ ᠦᠭᠡᠢ᠂ ᠰᠢᠳᠦ ᠎ ᠨᠢ ᠤᠨᠠᠭᠠᠳ ᠢᠷᠡᠬᠦ ᠲᠠᠢ ᠵᠡᠷᠭᠡ ᠰᠠᠶ᠋ᠢ ᠠᠩᠬᠠᠷᠤᠯ ᠳᠠᠭᠠᠨ ᠠᠪᠳᠠᠭ ᠪᠠᠶᠢᠨ᠎ᠠ᠂ ᠬᠡᠳᠡᠯ᠎ᠡ ᠡᠨᠡ ᠦᠶ᠎ᠡ ᠪᠤᠯᠬᠤ ᠳᠤ ᠨᠢᠭᠡᠨᠲᠡ ᠤᠷᠦ᠋ᠢᠳᠠᠬᠰᠠᠨ ᠪᠠᠶᠢᠳᠠᠭ᠃ ᠪᠤᠶᠢᠯᠠ ᠶᠢᠨ ᠦᠷᠪᠢᠰᠦᠯ ᠨᠢ ᠰᠠᠶ᠋ᠢ ᠦᠷᠪᠢᠰᠬᠦ ᠦᠶ᠎ᠡ ᠳᠤ ᠮᠠᠰᠢ ᠤᠳᠠᠭᠠᠨ ᠪᠠᠶᠢᠳᠠᠭ ᠶᠤᠮ᠂ ᠰᠠᠶ᠋ᠢ ᠦᠷᠪᠢᠰᠬᠦ ᠦᠶ᠎ᠡ ᠶᠢᠨ ᠢᠯᠡᠷᠡᠯ ᠬᠡᠪᠡᠯ᠄ ᠪᠤᠶᠢᠯᠠ ᠵᠢᠭᠠᠬᠠᠨ ᠤᠯᠠᠶᠢᠬᠤ᠂ ᠰᠢᠳᠦ ᠪᠠᠨ ᠱᠤᠤᠠᠵᠠᠳᠠᠬᠤ ᠦᠶᠡᠰ ᠵᠢᠭᠠᠬᠠᠨ ᠴᠢᠰᠤ ᠭᠠᠷᠬᠤ ᠪᠤᠶᠤ ᠡᠰᠡᠬᠦᠯ᠎ᠡ ᠠᠯᠮᠤᠷᠠᠳ ᠢᠳᠡᠬᠦ ᠳᠤ ᠬᠠᠵᠠᠬᠰᠠᠨ ᠬᠡᠰᠡᠭ ᠲᠤᠨᠢ ᠴᠢᠰᠤᠨ ᠣᠷᠣ ᠦᠯᠡᠳᠡᠳᠡᠭ᠃ ᠰᠡᠭᠦᠯᠡᠷ ᠨᠢ ︵ᠣᠯᠠᠨ ᠵᠢᠯ᠂ ᠬᠡᠳᠦᠨ ᠠᠷᠪᠠᠨ ᠵᠢᠯ ᠤᠨ ᠲᠠᠷᠠᠭ᠎ᠠ︶᠂ ᠲᠠ ᠬᠡᠳᠦᠨ ᠰᠢᠳᠦ ᠬᠦᠳᠡᠯᠵᠦ᠂ ᠶᠠᠭᠤᠮ᠎ᠠ ᠵᠠᠵᠢᠯᠬᠤ ᠳᠤ ᠲᠡᠶᠢᠮᠦ ᠬᠦᠴᠦᠳᠡᠢ ᠪᠢᠰᠢ ᠪᠤᠯᠤᠬᠰᠠᠨ ᠪᠠ ᠵᠠᠷᠢᠮ ᠳᠠᠭᠠᠨ ᠱᠣᠷᠪᠣᠭ ᠡᠬᠡᠭᠦᠨ ᠢᠳᠡᠭᠡ ᠰᠢᠭᠦᠰᠦ ᠭᠠᠷᠳᠠᠭ ᠢ ᠬᠡᠨᠡᠳᠳᠡ ᠤᠯᠵᠤ ᠮᠡᠳᠡᠳᠡᠭ᠃ ᠡᠭᠦᠨ ᠠᠴᠠ ᠰᠡᠭᠦᠯᠡᠷ ᠨᠢ ᠰᠢᠳᠦ ᠴᠢᠨᠢ ᠬᠦᠳᠡᠯᠳᠡᠭ ᠢᠶᠠᠷ ᠪᠠᠷᠠᠬᠤ ᠥᠬᠡᠶ᠂ ᠵᠠᠷᠢᠮ ᠳᠠᠭᠠᠨ ᠪᠠᠰᠠ ᠰᠢᠳᠦ ᠨᠢ ᠡᠪᠡᠳᠦᠳᠡᠭ︕ ᠡᠨᠡ ᠦᠶ᠎ᠡ ᠳᠤ ᠰᠢᠳᠦ ᠪᠠᠨ ᠡᠮᠨᠡᠯᠭᠡ ᠳᠤ ᠬᠦᠷᠴᠦ ᠦᠵᠡᠬᠦᠯᠬᠦ ᠦᠭᠡᠢ᠂ ᠵᠥᠪᠬᠡᠨ ᠡᠮ ᠤᠤᠭᠤᠵᠤ ᠡᠪᠡᠳᠬᠦ ᠶᠢ ᠵᠣᠭᠰᠣᠭᠠᠬᠤ ᠶᠢ ᠪᠤᠳᠤᠬᠤ ᠳᠤ ᠬᠦᠷᠪᠡᠯ᠂ ᠦᠨᠡᠨ ᠳᠡᠭᠡᠨ ᠶᠠᠮᠠᠷ ᠴᠤ ᠲᠤᠰᠠ ᠦᠭᠡᠢ ᠶᠤᠮ᠃ ᠰᠢᠳᠦᠨ ᠤ ᠤᠭ ᠨᠢ ᠢᠯᠡᠷᠡᠨ ᠭᠠᠷᠪᠠᠯ᠂ ᠰᠢᠳᠦ ᠬᠦᠳᠡᠯᠬᠦ ᠨᠢ ᠤᠯᠠᠮ ᠠᠴᠠ ᠤᠯᠠᠮ ᠬᠦᠨᠳᠦ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号