1. ᠲᠦᠳᠡ ᠵᠠᠮ ᠭᠡᠳᠡᠭ ᠨᠢ ᠶᠡᠷᠦ ᠳᠡᠭᠡᠨ ᠬᠤᠯᠠ ᠶᠢᠨ ᠵᠠᠮ ᠢ ᠳᠥᠲᠡᠯᠡᠵᠤ ᠶᠠᠪᠤᠬᠤ ᠶᠢ ᠬᠡᠯᠡᠨ᠎ᠡ᠃ ᠭᠡᠬᠦ ᠳᠤ | ᠵᠠᠪᠰᠢᠨ ᠳᠠᠯᠢᠮᠳᠠᠭᠤᠯᠵᠤ ᠶᠠᠪᠤᠭᠰᠠᠨ ᠲᠦᠳᠡ ᠵᠠᠮ ᠨᠢᠭᠡᠪᠦᠷᠢ ᠨᠢ ᠲᠣᠭᠤᠷᠢᠭᠤ ᠵᠠᠮ ᠪᠠᠶᠢᠭᠰᠠᠨ ᠭᠡᠳᠡᠭ ᠢ ᠬᠥᠮᠥᠰ | ᠬᠤᠵᠢᠮ ᠨᠢ ᠰᠡᠷᠡᠵᠦ ᠮᠡᠳᠡᠳᠡᠭ᠃ ᠵᠠᠪᠰᠢᠨ ᠳᠠᠯᠢᠮᠳᠠᠭᠤᠯᠳᠠᠭ ᠬᠥᠮᠦᠨ ᠰᠢᠯᠢᠳᠡᠭ ᠬᠦᠮᠦᠨ ᠪᠣᠯᠵᠤ ᠴᠢᠳᠠᠬᠤ ᠦᠭᠡᠢ᠂ | ᠬᠠᠷᠢᠨ ᠬᠠᠯᠠᠰᠢᠷᠠᠯ ᠦᠭᠡᠢ ᠵᠢᠳᠬᠦᠳᠡᠭ ᠬᠦᠮᠦᠨ ᠯᠡ ᠰᠠᠶ᠋ᠢ ᠰᠢᠯᠢᠳᠡᠭ ᠬᠦᠮᠦᠨ ᠪᠣᠯᠵᠤ ᠴᠢᠳᠠᠨ᠎ᠠ᠃ 2. ᠰᠢᠷᠭᠠᠭᠤ | ᠴᠢᠷᠮᠠᠶᠢᠯᠭ᠎ᠠ ᠭᠠᠷᠭᠠᠪᠠᠯ ᠰᠠᠶ᠋ᠢ ᠵᠢᠩᠬᠢᠨᠢ ᠡᠷᠳᠡᠮ ᠲᠠᠢ ᠪᠣᠯᠵᠤ ᠴᠢᠳᠠᠨ᠎ᠠ ᠶᠠᠮᠠᠷᠪᠠ ᠬᠡᠷᠡᠭ ᠶᠠᠪᠤᠳᠠᠯ ᠳᠤ ᠴᠥᠮ | ᠬᠠᠲᠠᠭᠤᠵᠢᠯ ᠴᠢᠬᠤᠯᠠ ᠲᠠᠢ᠂ ᠶᠡᠭᠡ ᠶᠢ ᠦᠵᠡᠵᠦ᠂ ᠬᠠᠯᠠᠰᠢᠷᠠᠯ ᠦᠭᠡᠢ ᠴᠢᠷᠮᠠᠶᠢᠯᠭ᠎ᠠ ᠭᠠᠷᠭᠠᠭᠰᠠᠨ ᠬᠦᠮᠦᠨ ᠠᠵᠢᠯ | ᠶᠠᠪᠤᠳᠠᠯ ᠢ ᠠᠶᠠᠨᠳᠠᠭᠠᠨ ᠪᠦᠲᠦᠭᠡᠵᠤ ᠴᠢᠳᠠᠨ᠎ᠠ᠃ ᠰᠡᠷᠭᠦᠯᠡᠩ ᠬᠥᠮᠦᠨ ᠬᠠᠯᠠᠰᠢᠷᠠᠯ ᠦᠭᠡᠢ ᠵᠢᠳᠬᠦᠬᠦ ᠪᠠᠨ ᠮᠡᠳᠡᠨ᠎ᠡ᠂ | ᠰᠢᠷᠭᠠᠭᠤ ᠴᠢᠷᠮᠠᠶᠢᠯᠭ᠎ᠠ ᠭᠠᠷᠭᠠᠬᠤ ᠶᠢ ᠮᠡᠳᠡᠳᠡᠭ ᠬᠥᠮᠦᠨ᠂ ᠵᠢᠩᠬᠢᠨᠢ ᠡᠷᠳᠡᠮ ᠲᠠᠢ ᠪᠣᠯᠵᠤ ᠴᠢᠳᠠᠨ᠎ᠠ᠃ 3. | ᠠᠩᠬᠠᠷᠤᠯ ᠢᠶᠠᠨ ᠲᠥᠪᠯᠡᠷᠡᠭᠦᠯᠦᠨ ᠠᠵᠢᠯ ᠬᠢᠬᠦ ᠪᠣᠯ ᠰᠠᠶ᠋ᠢ ᠵᠢᠩᠬᠢᠨᠢ ᠲᠦᠳᠡ ᠵᠠᠮ ᠮᠥᠨ ᠬᠥᠮᠦᠨ ᠪᠣᠯᠭᠠᠨ ᠤ ᠴᠠᠭ | ᠪᠠ ᠬᠦᠴᠦ ᠨᠢ ᠪᠦᠷ ᠬᠢᠵᠠᠭᠠᠷ ᠲᠠᠢ ᠪᠠᠶᠢᠳᠠᠭ᠂ ᠵᠢᠩᠬᠢᠨᠢ ᠴᠢᠳᠠᠮᠠᠭᠠᠢ ᠬᠦᠮᠦᠰ ᠶᠡᠭᠡ ᠶᠢ ᠬᠥᠭᠡᠭᠡᠴᠡᠯᠳᠦᠬᠦ ᠦᠭᠡᠢ | ᠪᠣᠯᠪᠠᠴᠤ ᠨᠠᠷᠢᠯᠢᠭ ᠪᠠᠶᠢᠬᠤ ᠶᠢ ᠬᠥᠭᠡᠭᠡᠴᠡᠯᠳᠦᠳᠡᠭ᠃ ᠶᠠᠮᠠᠷ ᠨᠢᠭᠡᠨ ᠴᠠᠷ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠤᠳᠠᠭᠠᠨ ᠳᠠᠭᠠᠭᠠᠮᠠᠭᠠᠶ ᠪᠠᠷᠢᠮᠲᠠᠯᠠᠨ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠵᠤ᠂ ᠲᠤᠷᠰᠢᠯᠭ᠎ᠠ | ᠬᠤᠷᠠᠮᠳᠤᠭᠤᠯᠵᠤ᠂ ᠴᠢᠳᠠᠪᠤᠷᠢ ᠪᠠᠨ ᠨᠡᠮᠡᠭᠳᠡᠭᠦᠯᠪᠡᠯ ᠰᠠᠶ᠋ᠢ ᠵᠢᠩᠬᠢᠨᠢ ᠪᠠᠷ ᠳᠡᠭᠡᠭᠰᠢᠯᠡᠵᠦ ᠴᠢᠳᠠᠨ᠎ᠠ᠃ ᠯᠠᠪᠳᠠᠭᠤᠨ | ᠲᠣᠭᠲᠠᠭᠤᠨ ᠪᠠᠶᠢᠵᠤ ᠴᠢᠳᠠᠬᠤ ᠪᠣᠯ ᠠᠮᠵᠢᠯᠲᠠ ᠳᠤ ᠬᠦᠷᠬᠦ ᠬᠠᠮᠤᠭ ᠤᠨ ᠲᠦᠳᠡ ᠵᠠᠮ ᠪᠣᠯᠤᠨ᠎ᠠ᠃ | | | |