ᠥᠪᠡᠷ ᠲᠤ ᠴᠢᠨᠢ ᠲᠤᠰᠠᠲᠠᠢ ᠵᠦᠢᠯ
ᠨᠡᠶᠢᠲᠡᠯᠡᠭᠰᠡᠨ ᠴᠠᠭ᠄
2024/4/1
   1. ᠠᠩᠬᠠᠷᠤᠯ ᠢᠶᠠᠨ ᠲᠥᠪᠯᠡᠷᠡᠭᠦᠯᠬᠦ᠄ ᠨᠢᠭᠡ ᠯᠠ ᠵᠦᠢᠯ ᠣᠷᠣᠭᠤ ᠴᠢᠷᠮᠠᠶᠢᠪᠠᠯ ᠰᠠᠶ᠋ᠢ ᠥᠪᠡᠷ ᠢ ᠪᠠᠨ ᠨᠠᠩ ᠰᠢᠯᠢᠳᠡᠭ ᠪᠣᠯᠭᠠᠵᠤ ᠴᠢᠳᠠᠨ᠎ᠠ᠃ ᠪᠠᠭ᠎ᠠ ᠶᠠᠪᠤᠳᠠᠯ ᠠᠴᠠ ᠡᠬᠢᠯᠡᠨ ᠠᠩᠬᠠᠷᠣᠯ ᠲᠠᠢ ᠬᠠᠨᠳᠣᠵᠦ ᠴᠢᠳᠠᠪᠠᠯ ᠲᠡᠷᠡ ᠶᠠᠪᠤᠳᠠᠯ ᠴᠢᠨᠢ ᠠᠶᠠᠨᠳᠠᠭᠠᠨ ᠲᠡᠭᠦᠰ ᠰᠠᠶᠢᠬᠠᠨ ᠪᠤᠯᠳᠠᠭ ᠶᠤᠮ᠃ 2. ᠨᠣᠮ ᠤᠩᠰᠢᠬᠤ ᠶᠢ ᠪᠠᠷᠢᠮᠲᠠᠯᠠᠬᠤ᠄ ᠬᠥᠮᠥᠨ ᠨᠣᠮ ᠤᠩᠰᠢᠬᠤ ᠶᠢ ᠪᠠᠷᠢᠮᠲᠠᠯᠠᠪᠠᠯ᠂ ᠦᠪᠡᠷ ᠢ ᠪᠠᠨ ᠬᠦᠭᠵᠢᠬᠦᠯᠵᠦ᠂ ᠦᠵᠡᠯ ᠪᠤᠳᠤᠯ ᠢᠶᠠᠨ ᠰᠢᠨᠡᠴᠢᠯᠡᠨ᠂ ᠪᠠᠶᠠᠯᠢᠭ ᠰᠠᠶᠢᠬᠠᠨ ᠣᠶᠤᠨ ᠰᠠᠨᠠᠭᠠᠨ ᠤ ᠣᠷᠣᠨ ᠵᠠᠢ ᠲᠠᠢ ᠪᠤᠯᠳᠠᠭ᠃ 3. ᠳᠡᠪᠴᠢᠶᠡᠷᠢ ᠲᠠᠢ ᠪᠠᠶᠢᠬᠤ᠄ ᠠᠮᠵᠢᠯᠲᠠ ᠳᠤ ᠬᠦᠷᠬᠦ ᠬᠡᠳᠡᠭ ᠠᠶᠠᠨᠳᠠᠭᠠᠨ ᠤ ᠶᠠᠪᠤᠳᠠᠯ ᠪᠤᠯᠬᠤ ᠠᠴᠠ ᠨᠢᠭᠡ ᠯᠡ ᠳᠡᠭᠡᠷ᠎ᠡ ᠪᠡᠶᠡᠯᠡᠴᠢᠬᠡᠬᠦ ᠪᠢᠰᠢ᠂ ᠡᠶᠢᠮᠦ ᠠᠴᠠ ᠳᠡᠪᠴᠢᠶᠡᠷᠢ ᠲᠠᠢ ᠪᠠᠶᠢᠬᠤ ᠴᠢᠬᠤᠯᠠ᠃ 4. ᠲᠤᠷᠰᠢᠯᠭ᠎ᠠ ᠬᠤᠷᠠᠮᠳᠤᠭᠤᠯᠬᠤ᠄ ᠬᠥᠮᠥᠨ ᠤ ᠠᠮᠢᠳᠤᠷᠠᠯ ᠲᠠᠰᠤᠷᠠᠯᠲᠠ ᠦᠭᠡᠢ ᠦᠬᠡᠷᠡᠴᠢᠯᠡᠭᠳᠡᠵᠦ ᠬᠤᠪᠢᠷᠠᠵᠤ ᠪᠠᠶᠢᠳᠠᠭ᠂ ᠴᠠᠭ ᠢᠮᠠᠬᠳᠠ ᠠᠵᠢᠯᠯᠠᠵᠦ ᠰᠣᠷᠣᠯᠴᠠᠨ᠂ ᠲᠠᠰᠤᠷᠠᠯᠲᠠ ᠦᠭᠡᠢ ᠦᠢᠯᠡᠳᠦᠯᠭᠡᠵᠢᠭᠦᠯᠪᠡᠯ ᠰᠠᠶ᠋ᠢ ᠲᠤᠷᠰᠢᠯᠭ᠎ᠠ ᠬᠤᠷᠠᠮᠳᠤᠭᠤᠯᠵᠤ᠂ ᠦᠪᠡᠷ ᠢ ᠪᠠᠨ ᠰᠢᠨᠡᠴᠢᠯᠡᠵᠦ ᠴᠢᠳᠠᠳᠠᠭ᠃ 5. ᠦᠪᠡᠷ ᠢ ᠪᠠᠨ ᠳ᠋ᠦᠩᠨᠡᠬᠦ᠄ ᠦᠵᠡᠯ ᠪᠤᠳᠤᠯ ᠢᠶᠠᠨ ᠪᠣᠯᠪᠠᠰᠤᠷᠠᠩᠭᠤᠢ ᠪᠣᠯᠤᠭᠰᠠᠨ ᠡᠰᠡᠬᠦ ᠪᠠᠨ ᠳᠠᠨᠢᠬᠤ ᠳᠤ ᠥᠪᠡᠷ ᠢ ᠪᠠᠨ ᠳ᠋ᠦᠩᠨᠡᠵᠦ ᠴᠢᠳᠠᠬᠤ ᠡᠰᠡᠬᠦ ᠪᠠᠷ ᠬᠡᠮᠵᠢᠶᠡᠯᠡᠨ᠎ᠡ᠃ 6. ᠪᠤᠰᠤᠳ ᠤᠨ ᠠᠴᠢ ᠶᠢ ᠪᠤᠳᠤᠬᠤ᠄ ᠪᠤᠰᠤᠳ ᠤᠨ ᠬᠠᠪᠰᠤᠷᠤᠯᠭ᠎ᠠ ᠶᠢ ᠵᠦᠢ ᠶᠣᠰᠣᠨ ᠤ ᠭᠡᠵᠦ ᠦᠵᠡᠵᠦ ᠪᠣᠯᠬᠤ ᠦᠭᠡᠢ᠂ ᠠᠴᠢ ᠶᠢ ᠮᠠᠷᠳᠠᠬᠤ ᠦᠬᠡᠢ ᠪᠤᠯ ᠰᠠᠶ᠋ᠢ ᠪᠤᠰᠤᠳ ᠤᠨ ᠢᠲᠡᠭᠡᠯ ᠢ ᠣᠯᠵᠤ ᠲᠠᠶᠢᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号