︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2024/4/1
    4 ᠰᠠᠷ᠎ᠠ ᠶᠢᠨ 1 ᠤ ᠡᠳᠦᠷ ᠬᠡᠪᠯᠡᠭᠳᠡᠬᠰᠡᠨ 7 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠠᠷᠠᠳ ᠲᠦᠮᠡᠨ ᠢ ᠳᠡᠭᠡᠳᠦᠯᠡᠬᠦ ᠶᠢ ᠡᠷᠬᠡᠪᠰᠢ ᠪᠠᠷᠢᠮᠳᠠᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2012 ᠣᠨ ᠤ 11 ᠰᠠᠷ᠎ᠠ ᠠᠴᠠ 2023 ᠣᠨ ᠤ 12 ᠰᠠᠷ᠎ᠠ ᠪᠣᠯᠲᠠᠯᠠᠬᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠲᠤᠪᠴᠢᠯᠠᠪᠤᠷᠢ ᠪᠣᠯᠤᠨ᠎ᠠ᠃    ᠵᠣᠬᠢᠶᠠᠯ ᠳᠤ᠂ ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠠᠷᠠᠳ ᠲᠦᠮᠡᠨ ᠪᠣᠯ ᠵᠢᠩᠬᠢᠨᠢ ᠪᠠᠭᠠᠲᠤᠷ ᠮᠥᠨ᠃ ᠮᠠᠨ ᠤ ᠨᠠᠮ ᠪᠣᠯ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠠᠷᠠᠳ ᠲᠦᠮᠡᠨ ᠳᠤ ᠦᠢᠯᠡᠴᠢᠯᠡᠳᠡᠭ᠂ ᠨᠠᠮ ᠤᠨ ᠦᠨᠳᠦᠰᠦ ᠰᠠᠭᠤᠷᠢ ᠨᠢ ᠠᠷᠠᠳ ᠲᠦᠮᠡᠨ ᠤ ᠲᠤᠮᠳᠠ ᠪᠠᠶᠢᠵᠤ᠂ ᠠᠮᠢᠨ ᠰᠤᠳᠠᠰᠤ ᠨᠢ ᠠᠷᠠᠳ ᠲᠦᠮᠡᠨ ᠤ ᠲᠤᠮᠳᠠ ᠪᠠᠶᠢᠵᠤ᠂ ᠬᠦᠴᠦᠨ ᠴᠢᠳᠠᠯ ᠨᠢ ᠠᠷᠠᠳ ᠲᠦᠮᠡᠨ ᠤ ᠲᠤᠮᠳᠠ ᠪᠠᠶᠢᠳᠠᠭ᠃ ᠠᠷᠠᠳ ᠲᠦᠮᠡᠨ ᠪᠣᠯ ᠮᠠᠨ ᠤ ᠨᠠᠮ ᠤᠨ ᠲᠦᠷᠦ ᠪᠠᠷᠢᠬᠤ ᠬᠠᠮᠤᠭ ᠤᠨ ᠶᠡᠭᠡ ᠢᠳᠡ ᠬᠦᠴᠦᠨ ᠮᠥᠨ᠂ ᠮᠠᠨ ᠤ ᠪᠦᠬᠦᠳᠡ ᠨᠠᠶᠢᠷᠠᠮᠳᠠᠬᠤ ᠤᠯᠤᠰ ᠤᠨ ᠪᠠᠲᠤ ᠪᠠᠬᠢ ᠦᠨᠳᠦᠰᠦ ᠰᠠᠭᠤᠷᠢ ᠮᠥᠨ᠂ ᠮᠠᠨ ᠤ ᠨᠠᠮ ᠢᠶᠠᠨ ᠬᠦᠴᠦᠷᠬᠡᠭᠵᠢᠭᠦᠯᠵᠦ ᠤᠯᠤᠰ ᠢᠶᠠᠨ ᠮᠠᠨᠳᠤᠭᠤᠯᠬᠤ ᠶᠢᠨ ᠦᠨᠳᠦᠰᠦ ᠰᠠᠭᠤᠷᠢ ᠮᠥᠨ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠬᠦ ᠬᠠᠷᠠᠯᠲᠠ ᠮᠥᠨ᠃ ᠳᠤᠮᠳᠠᠳᠤ ᠤᠯᠤᠰ ᠤᠨ ᠡᠪ ᠬᠠᠮᠲᠤᠴᠤᠳ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠣᠯ ᠳᠠᠷᠤᠢ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠬᠦᠯᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ᠡᠨᠡ ᠬᠦ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠣᠯ ᠳᠤᠮᠳᠠᠳᠤ ᠤᠯᠤᠰ ᠤᠨ ᠡᠪ ᠬᠠᠮᠲᠤᠴᠤᠳ ᠢ ᠤᠷᠮᠠᠰᠢᠭᠤᠯᠤᠨ ᠵᠣᠷᠢᠭᠵᠢᠭᠤᠯᠵᠤ ᠲᠠᠰᠤᠷᠠᠯᠲᠠ ᠦᠭᠡᠢ ᠤᠷᠤᠭᠰᠢᠯᠠᠭᠤᠯᠬᠤ ᠦᠨᠳᠦᠰᠦᠨ ᠬᠥᠳᠡᠯᠭᠡᠬᠦ ᠬᠦᠴᠦᠨ ᠮᠥᠨ ᠭᠡᠵᠦ ᠴᠢᠬᠤᠯᠠᠴᠢᠯᠠᠪᠠ᠃    ᠵᠣᠬᠢᠶᠠᠯ ᠳᠤ᠂ ᠲᠥᠷᠥ ᠭᠦᠷᠦᠨ ᠪᠣᠯ ᠠᠷᠠᠳ ᠲᠦᠮᠡᠨ ᠮᠦᠨ᠂ ᠠᠷᠠᠳ ᠲᠦᠮᠡᠨ ᠪᠣᠯ ᠲᠥᠷᠥ ᠭᠦᠷᠦᠨ ᠮᠦᠨ᠂ ᠲᠥᠷᠥ ᠭᠦᠷᠦᠨ ᠢ ᠪᠠᠶᠢᠭᠤᠯᠵᠤ᠂ ᠲᠥᠷᠥ ᠭᠦᠷᠦᠨ ᠢ ᠰᠠᠬᠢᠬᠤ ᠳᠤ ᠰᠠᠬᠢᠵᠤ ᠪᠠᠶᠢᠭ᠎ᠠ ᠨᠢ ᠳᠠᠷᠤᠢ ᠠᠷᠠᠳ ᠲᠦᠮᠡᠨ ᠤ ᠰᠡᠳᠭᠢᠯ ᠢ ᠰᠠᠬᠢᠵᠤ ᠪᠠᠶᠢᠨ᠎ᠠ᠃ ᠠᠷᠠᠳ ᠲᠦᠮᠡᠨ ᠤ ᠵᠣᠭᠰᠣᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠨ ᠤᠯᠤᠰ ᠲᠦᠷᠦ ᠶᠢᠨ ᠵᠣᠭᠰᠣᠯᠲᠠ ᠮᠥᠨ᠂ ᠮᠠᠷᠺᠰ ᠤᠨ ᠦᠵᠡᠯ ᠤᠨ ᠲᠦᠷᠦ ᠶᠢᠨ ᠨᠠᠮ ᠤᠨ ᠪᠤᠰᠤᠳ ᠲᠦᠷᠦ ᠶᠢᠨ ᠨᠠᠮ ᠠᠴᠠ ᠢᠯᠭᠠᠭᠳᠠᠬᠤ ᠢᠯᠡᠷᠬᠡᠢ ᠰᠢᠨᠵᠢ ᠲᠡᠮᠳᠡᠭ ᠮᠥᠨ᠃ ᠨᠠᠮ ᠠᠷᠠᠳ ᠲᠦᠮᠡᠨ ᠤ ᠠᠰᠢᠭ ᠲᠤᠰᠠ ᠠᠴᠠ ᠭᠠᠳᠠᠨ᠎ᠠ ᠥᠪᠡᠷ ᠤᠨ ᠣᠨᠴᠠᠭᠠᠢ ᠠᠰᠢᠭ ᠲᠤᠰᠠ ᠭᠡᠵᠦ ᠪᠠᠶᠢᠬᠤ ᠦᠭᠡᠢ᠂ ᠨᠠᠮ ᠤᠨ ᠠᠯᠢᠪᠠ ᠠᠵᠢᠯ ᠪᠣᠯ ᠴᠥᠮ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠶᠢᠨ ᠲᠥᠯᠥᠭᠡ ᠶᠤᠮ᠃ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠨ᠂ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠵᠤ᠂ ᠠᠷᠠᠳ ᠲᠦᠮᠡᠨ ᠤ ᠭᠤᠤᠯ ᠴᠣᠭᠴᠠ ᠶᠢᠨ ᠪᠠᠶᠢᠷᠢ ᠰᠠᠭᠤᠷᠢ ᠪᠠ ᠡᠭᠦᠳᠦᠨ ᠪᠦᠳᠦᠬᠡᠬᠦ ᠵᠣᠷᠢᠭ ᠰᠠᠨᠠᠭ᠎ᠠ ᠶᠢ ᠬᠦᠨᠳᠦᠳᠭᠡᠨ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠶᠢ ᠢᠮᠠᠭᠲᠠ ᠪᠠᠲᠤᠯᠠᠵᠤ᠂ ᠠᠷᠠᠳ ᠲᠦᠮᠡᠨ ᠲᠠᠢ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠤᠨ᠂ ᠠᠷᠠᠳ ᠲᠦᠮᠡᠨ ᠲᠠᠢ ᠰᠡᠳᠭᠢᠯ ᠵᠢᠷᠦᠬᠡ ᠪᠠᠨ ᠬᠤᠯᠪᠣᠵᠤ᠂ ᠠᠷᠠᠳ ᠲᠦᠮᠡᠨ ᠤ ᠪᠤᠳᠤᠵᠤ ᠪᠠᠶᠢᠭ᠎ᠠ ᠵᠦᠢᠯ ᠢ ᠰᠠᠨᠠᠭᠠᠰᠢᠷᠨᠨ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠭᠦᠢᠴᠡᠳᠭᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠠᠷᠠᠳ ᠲᠦᠮᠡᠨ ᠪᠣᠯ ᠰᠢᠢᠳᠪᠦᠷᠢᠯᠡᠭᠴᠢ ᠴᠢᠨᠠᠷᠲᠠᠢ ᠬᠦᠴᠦᠨ ᠮᠥᠨ᠃ ᠡᠷᠬᠡᠪᠰᠢ ᠪᠦᠬᠦ ᠠᠷᠠᠳ ᠲᠦᠮᠡᠨ ᠬᠠᠮᠲᠤ ᠪᠠᠷ ᠣᠷᠣᠯᠴᠠᠬᠤ᠂ ᠬᠠᠮᠲᠤ ᠪᠠᠷ ᠪᠦᠲᠦᠭᠡᠨ ᠪᠠᠶᠢᠭᠤᠯᠬᠤ᠂ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠪᠦᠬᠦ ᠠᠷᠠᠳ ᠲᠦᠮᠡᠨ ᠤ ᠰᠡᠳᠭᠢᠯ ᠨᠢᠭᠡᠳᠦᠨ ᠬᠠᠮᠲᠤᠷᠠᠯᠴᠠᠬᠤ᠂ ᠶᠡᠭᠡ ᠦᠢᠯᠡᠰ ᠢ ᠬᠠᠮᠲᠤ ᠪᠠᠷ ᠪᠦᠲᠦᠭᠡᠬᠦ ᠳᠤ ᠴᠢᠩᠭ᠎ᠠ ᠲᠦᠰᠢᠭᠯᠡᠬᠦ ᠬᠡᠷᠡᠭᠲᠡᠢ᠃ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ ᠬᠥᠭᠵᠢᠭᠦᠯᠵᠦ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠭᠡᠬᠦ ᠶᠢ ᠪᠠᠷᠢᠮᠲᠠᠯᠠᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠪᠠᠶᠢᠭᠤᠯᠤᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠪᠦᠬᠦ ᠠᠷᠠᠳ ᠲᠦᠮᠡᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠠᠷᠠᠳ ᠤᠯᠠᠨ ᠤ ᠪᠠᠴᠢᠮᠳᠠᠵᠤ ᠲᠦᠪᠡᠭᠳᠡᠵᠤ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠵᠦ᠂ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠢᠢ ᠠᠬᠢᠭᠤᠯᠬᠤ ᠲᠠᠯ᠎ᠠ ᠪᠠᠷ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠣᠯᠭᠠᠬᠤ ᠬᠡᠷᠡᠭᠲᠡᠢ᠃ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠲᠠᠰᠤᠷᠠᠯᠳᠠ ᠦᠭᠡᠢ ᠪᠠᠬᠢᠵᠢᠭᠦᠯᠦᠨ ᠬᠥᠭᠵᠢᠭᠦᠯᠵᠦ᠂ ᠢᠳᠡᠪᠬᠢ ᠬᠦᠴᠦᠨ ᠵᠦᠢᠯ ᠪᠦᠬᠦᠨ ᠢ ᠭᠦᠢᠴᠡᠳ ᠲᠠᠶᠢᠴᠢᠯᠠᠨ᠂ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 31 ᠤ ᠴᠠᠬᠢᠯᠭᠠᠨ ᠮᠡᠳᠡᠭᠡ︶
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号