ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ︽ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠮᠡᠳᠡᠭᠦᠯᠦᠯᠲᠡ︾ ᠶᠢ ᠬᠢᠨᠠᠨ ᠵᠥᠪᠯᠡᠪᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/4/1
    ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 29 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 3 ᠰᠠᠷ᠎ᠠ ᠶᠢᠨ 29 ᠤ ᠡᠳᠦᠷ ᠬᠤᠷᠠᠯ ᠬᠤᠷᠠᠯᠳᠤᠭᠤᠯᠵᠤ᠂ ︽ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠮᠡᠳᠡᠭᠦᠯᠦᠯᠲᠡ︾ ᠶᠢ ᠬᠢᠨᠠᠨ ᠵᠥᠪᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠪᠡ᠃    ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠣᠭᠤᠷᠢᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠰᠢ ᠬᠤᠶᠠᠷ ᠡᠭᠡᠯᠵᠢ ᠶᠢᠨ ᠲᠥᠪ ᠬᠤᠷᠢᠶᠠᠨ ᠤ ᠲᠣᠭᠤᠷᠢᠨ ᠪᠠᠶᠢᠴᠠᠭᠠᠯᠲᠠ ᠶᠢ ᠪᠠᠶᠢᠷᠢᠯᠠᠭᠤᠯᠤᠨ ᠥᠷᠨᠢᠭᠦᠯᠵᠦ᠂ ᠲᠥᠪ ᠤᠨ ᠬᠠᠮᠢᠶᠠᠷᠤᠯᠲᠠ ᠶᠢᠨ ᠠᠵᠤ ᠠᠬᠤᠶᠢᠯᠠᠯ ᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠪᠡ᠃ ᠲᠣᠭᠤᠷᠢᠨ ᠪᠠᠶᠢᠴᠠᠭᠠᠯᠲᠠ ᠠᠴᠠ ᠦᠵᠡᠪᠡᠯ᠂ ᠲᠥᠪ ᠤᠨ ᠬᠠᠮᠢᠶᠠᠷᠤᠯᠲᠠ ᠶᠢᠨ ᠠᠵᠤ ᠠᠬᠤᠶᠢᠯᠠᠯ ᠪᠣᠯᠤᠨ ᠬᠤᠯᠪᠣᠭᠳᠠᠯ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠰᠢᠨ᠎ᠡ ᠦᠷ᠎ᠡ ᠪᠦᠲᠦᠮᠵᠢ ᠣᠯᠤᠭᠰᠠᠨ ᠪᠣᠯᠪᠠᠴᠤ ᠪᠠᠰᠠ ᠵᠠᠷᠢᠮ ᠠᠰᠠᠭᠤᠳᠠᠯ ᠣᠷᠣᠰᠢᠵᠤ ᠪᠠᠶᠢᠨ᠎ᠠ᠂ ᠡᠷᠬᠡᠪᠰᠢ ᠤᠯᠤᠰ ᠲᠥᠷᠥ ᠶᠢᠨ ᠲᠠᠯ᠎ᠠ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠪ ᠴᠢᠩᠭ᠎ᠠ ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠬᠦᠴᠦᠲᠡᠢ ᠭᠠᠷᠳᠠᠴᠠ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠭᠤᠳᠠᠯ ᠤᠨ ᠨᠠᠷᠢᠨ ᠳᠠᠩᠰᠠ᠂ ᠡᠭᠦᠷᠭᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤ ᠥᠭᠬᠦ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠥᠮᠦᠨ᠂ ᠭᠤᠣᠯᠳᠠᠯᠭ᠎ᠠ ᠲᠠᠢ ᠶᠠᠪᠤᠳᠠᠯ ᠢ ᠲᠠᠯᠪᠢᠬᠤ ᠦᠭᠡᠢ ᠪᠠᠶᠢᠵᠤ᠂ ᠨᠢᠭᠡᠳ ᠨᠢᠭᠡ ᠪᠠᠷ ᠳᠠᠩᠰᠠ ᠶᠢ ᠬᠠᠷᠭᠤᠭᠤᠯᠵᠤ ᠳ᠋ᠤᠭᠠᠷ ᠢ ᠨᠢ ᠬᠠᠰᠤᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ᠬᠠᠰᠢ ᠶᠠᠰᠢ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃    ᠬᠤᠷᠠᠯ ᠠᠴᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠴᠢᠬᠤᠯᠠ ᠪᠣᠳᠠᠰ ᠤᠨ ᠰᠠᠭᠤᠷᠢ ᠪᠠ ᠤᠯᠤᠰ ᠲᠥᠷᠥ ᠶᠢᠨ ᠰᠠᠭᠤᠷᠢ ᠮᠥᠨ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠴᠢᠩᠭ᠎ᠠ ᠬᠥᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ︽ᠨᠢᠭᠡᠳᠦᠭᠡᠷ ᠭᠠᠷ︾ ᠪᠣᠯᠤᠨ ᠤᠳᠤᠷᠢᠳᠬᠤ ᠪᠠᠭ ᠲᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠢᠯᠵᠠᠷᠠᠯ ᠢ ᠵᠠᠯᠬᠠᠭᠠᠨ ᠰᠢᠢᠳᠬᠡᠬᠦ ᠰᠦᠷ ᠬᠦᠴᠦᠲᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠬᠡᠷᠡᠭ ᠢᠶᠠᠷ ᠵᠠᠰᠠᠬᠤ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠢᠯᠵᠠᠷᠠᠯ ᠡᠭᠦᠰᠬᠦ ᠬᠥᠷᠥᠰᠥ ᠰᠢᠷᠣᠢ ᠪᠣᠯᠤᠨ ᠨᠥᠬᠦᠴᠡᠯ ᠢ ᠡᠷᠡᠰ ᠠᠷᠢᠯᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠤᠳᠤᠷᠢᠳᠬᠤ ᠪᠠᠭ ᠤᠨ ᠪᠠᠶᠢᠭᠤᠯᠤᠯᠲᠠ᠂ ᠺᠠᠳ᠋ᠷ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠬᠡᠷᠡᠭᠲᠡᠢ᠃ ᠲᠣᠭᠤᠷᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠶᠡᠷᠦᠩᠬᠡᠶᠢᠯᠡᠨ ᠰᠠᠶᠢᠲᠤᠷ ᠬᠡᠷᠡᠭᠯᠡᠵᠦ᠂ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠨᠡᠶᠢᠲᠡᠯᠢᠭ ᠴᠢᠨᠠᠷᠲᠠᠢ ᠠᠰᠠᠭᠤᠳᠠᠯ ᠪᠣᠯᠤᠨ ᠭᠦᠨ ᠳᠠᠪᠬᠤᠷᠭ᠎ᠠ ᠶᠢᠨ ᠠᠰᠠᠭᠤᠳᠠᠯ ᠢ ᠭᠦᠨᠵᠡᠭᠡᠢ ᠰᠤᠳᠤᠯᠤᠨ ᠰᠢᠢᠳᠪᠦᠷᠢᠯᠡᠵᠦ᠂ ᠲᠦᠷᠢᠮ ᠲᠣᠭᠲᠠᠴᠠ ᠶᠢ ᠴᠢᠨᠠᠭᠰᠢᠳᠠ ᠪᠦᠷᠢᠨᠰᠢᠭᠦᠯᠵᠦ᠂ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠠᠬᠢᠭᠤᠯᠬᠤ ᠬᠡᠷᠡᠭᠲᠡᠢ     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号