︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠠᠵᠢᠯ ᠢ ᠰᠠᠶᠢᠳᠦᠷ ᠬᠦᠢᠴᠡᠳᠭᠡᠨ᠎ᠡ
ᠨᠡᠶᠢᠲᠡᠯᠡᠭᠰᠡᠨ ᠴᠠᠭ᠄
2024/4/10
   4 ᠰᠠᠷ᠎ᠠ ᠶᠢᠨ 8᠎ ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠶᠢᠭᠡᠮ ᠤᠨ ᠬᠢᠨᠠᠯᠲᠠ ᠲᠠᠯᠪᠢᠭᠴᠢ︾᠎ ᠶᠢ ᠤᠷᠢᠨ ᠲᠣᠮᠢᠯᠠᠬᠤ ᠶᠣᠰᠣᠯᠠᠯ ᠶᠠᠪᠤᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠶᠠᠩ ᠸᠧᠨ ᠭᠤᠸᠠᠩ᠂ ᠪᠦᠦ ᠸᠧᠨ ᠴᠧᠩ ᠪᠣᠯᠤᠨ ᠪᠦᠦ ᠪᠤᠶᠠᠨᠳᠠᠯᠠᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠶᠢᠭᠡᠮ ᠤᠨ ᠬᠢᠨᠠᠯᠲᠠ ᠲᠠᠯᠪᠢᠭᠴᠢ ᠪᠠᠷ ᠤᠷᠢᠭᠳᠠᠪᠠ᠃    ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠶᠢᠭᠡᠮ ᠤᠨ ᠬᠢᠨᠠᠯᠲᠠ ᠲᠠᠯᠪᠢᠭᠴᠢ ᠢᠯᠡᠷᠬᠡᠶᠢᠯᠡᠬᠦ ᠳᠡᠭᠡᠨ᠂ ᠮᠠᠰᠢ ᠠᠵᠠ ᠵᠠᠪᠰᠢᠶᠠᠨ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠶᠢᠭᠡᠮ ᠤᠨ ᠬᠢᠨᠠᠯᠲᠠ ᠲᠠᠯᠪᠢᠭᠴᠢ ᠪᠣᠯᠵᠣ᠂ ᠤᠷᠢᠭᠳᠠᠭᠰᠠᠨ ᠬᠤᠭᠤᠴᠠᠭᠠᠨ ᠳᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠶᠢᠭᠡᠮ ᠤᠨ ᠬᠢᠨᠠᠯᠲᠠ ᠲᠠᠯᠪᠢᠭᠴᠢ ᠶᠢᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠳᠤ ᠬᠢᠨᠠᠯᠲᠠ ᠲᠠᠯᠪᠢᠬᠤ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ᠂ ᠰᠢᠨ᠎ᠡ ᠠᠷᠭ᠎ᠠ ᠵᠠᠮ ᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠬᠢᠨᠠᠯᠲᠠ ᠲᠠᠯᠪᠢᠬᠤ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃    ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠣᠯᠠᠨ ᠵᠦᠢᠯ ᠤᠨ ᠠᠷᠭ᠎ᠠ ᠵᠠᠮ ᠪᠠ ᠠᠷᠭ᠎ᠠ ᠬᠡᠯᠪᠡᠷᠢ ᠪᠠᠷ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠠᠵᠢᠯ ᠢ ᠠᠬᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠭᠯᠠᠭᠴᠢ᠂ ᠬᠢᠨᠠᠯᠲᠠ ᠲᠠᠯᠪᠢᠭᠴᠢ᠂ ᠪᠡᠶᠡᠴᠢᠯᠡᠨ ᠣᠶᠢᠯᠠᠭᠠᠬᠤ ᠨᠣᠶᠠᠨ᠂ ᠦᠨᠡᠯᠡᠨ ᠶᠠᠷᠢᠯᠴᠠᠬᠤ ᠳᠠᠷᠤᠭ᠎ᠠ ᠶᠢᠨ ᠴᠢᠬᠤᠯᠠ ᠦᠢᠯᠡᠳᠦᠯ ᠢ ᠦᠨᠡᠨ ᠬᠦ ᠪᠠᠳᠠᠷᠠᠭᠤᠯᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠵᠤ᠂ ᠣᠯᠠᠨ ᠲᠦᠮᠡᠨ ᠤ ᠲᠥᠯᠥᠭᠡ ᠦᠭᠡ ᠬᠡᠯᠡᠵᠦ᠂ ᠠᠵᠤ ᠠᠬᠤᠶᠢᠯᠠᠯ ᠤᠨ ᠲᠥᠯᠥᠭᠡ ᠦᠭᠡ ᠬᠡᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠴᠠᠭ ᠲᠤᠬᠠᠢ ᠳᠤᠨᠢ ᠬᠠᠷᠢᠭᠤ ᠲᠤᠰᠬᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠨᠡᠮᠡᠭᠳᠡᠭᠦᠯᠬᠦ ᠳᠤ ︽ᠵᠠᠰᠠᠭ︾᠎ ᠤᠨ ᠡᠨᠧᠷᠭᠢ ᠨᠡᠮᠡᠷᠢᠯᠡᠵᠦ᠂ ︽ᠬᠠᠮᠵᠢᠯᠴᠠᠬᠤ︾ ᠬᠥᠭᠵᠢᠮ ᠬᠥᠭᠵᠢᠮᠳᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号