︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠯ ᠳᠤ ᠴᠣᠬᠢᠯᠲᠠ ᠥᠭᠬᠦ︾᠎ ᠨᠢ ᠳᠠᠬᠢᠨᠲᠠ ᠬᠦᠴᠦᠯᠡᠵᠦ ︽ᠬᠠᠪᠤᠷ ᠤᠨ ᠴᠤᠮᠤᠷ︾᠎ ᠢ ᠬᠠᠮᠠᠭᠠᠯᠠᠨ ᠦᠰᠦᠨ ᠪᠤᠶᠢᠵᠢᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2024/4/10
   ᠨᠠᠰᠤᠨ ᠳᠤ ᠦᠯᠦ ᠬᠦᠷᠦᠭᠰᠡᠳ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠶᠢᠨ ᠲᠥᠯᠥᠭᠡ᠂ ᠨᠠᠰᠤᠨ ᠳᠤ ᠦᠯᠦ ᠬᠦᠷᠦᠭᠰᠡᠳ ᠲᠤ ᠨᠡᠩ ᠠᠮᠤᠷ ᠲᠦᠪᠰᠢᠨ᠂ ᠡᠷᠡᠭᠦᠯ ᠰᠠᠷᠠᠭᠤᠯ ᠥᠰᠦᠨ ᠪᠤᠶᠢᠵᠢᠬᠤ ᠣᠷᠴᠢᠨ ᠨᠥᠬᠦᠴᠡᠯ ᠢ ᠪᠣᠢ ᠪᠣᠯᠭᠠᠵᠤ ᠥᠭᠭᠦᠨ᠎ᠡ᠃ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠬᠠᠪᠤᠷ ᠤᠨ ᠴᠤᠮᠤᠷ ᠢ ᠬᠠᠮᠠᠭᠠᠯᠠᠬᠤ ᠠᠵᠢᠯᠯᠠᠭ᠎ᠠ︾᠎ ᠪᠠᠷ ᠰᠢᠨ᠎ᠡ ᠠᠵᠠ ᠲᠣᠬᠢᠶᠠᠯ᠂ ᠰᠢᠨ᠎ᠡ ᠭᠠᠷᠤᠭ᠎ᠠ ᠪᠣᠯᠭᠠᠵᠤ᠂ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯᠯᠠᠭ᠎ᠠ ᠥᠷᠨᠢᠭᠦᠯᠵᠦ᠂ ᠨᠠᠰᠤᠨ ᠳᠤ ᠦᠯᠦ ᠬᠦᠷᠦᠭᠰᠡᠳ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃   ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠪᠣᠯ ᠨᠠᠰᠤᠨ ᠳᠤ ᠦᠯᠦ ᠬᠦᠷᠦᠭᠰᠡᠳ ᠤᠨ ᠥᠰᠦᠨ ᠪᠤᠶᠢᠵᠢᠬᠤ ᠣᠷᠴᠢᠨ ᠲᠣᠭᠤᠷᠢᠨ ᠢ ᠴᠡᠪᠡᠷᠰᠢᠭᠦᠯᠬᠦ ᠴᠢᠬᠤᠯᠠ ᠠᠷᠭ᠎ᠠ ᠵᠠᠮ ᠮᠥᠨ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠶᠠᠯ᠎ᠠ ᠬᠢᠬᠦ ᠶᠢ ᠰᠡᠷᠭᠡᠶᠢᠯᠡᠬᠦ ᠴᠢᠬᠤᠯᠠ ᠠᠷᠭ᠎ᠠ ᠬᠡᠮᠵᠢᠶ᠎ᠡ ᠮᠥᠨ᠃ ᠰᠤᠷᠤᠭᠴᠢᠳ ᠤᠨ ᠬᠠᠤᠯᠢ ᠪᠠᠷ ᠵᠠᠰᠠᠬᠤ ᠤᠬᠠᠮᠰᠠᠷ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠯᠧᠺᠲ᠋ᠣᠷ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠨ᠂ ︽ᠬᠠᠤᠯᠢ ᠪᠠᠷ ᠵᠠᠰᠠᠬᠤ ᠶᠢ ᠬᠢᠴᠢᠶᠡᠯ ᠤᠨ ᠲᠠᠩᠬᠢᠮ ᠳᠤ ᠣᠷᠣᠭᠤᠯᠬᠤ︾᠂ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠵᠡᠷᠭᠡ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾᠎ ᠶᠢᠨ ᠬᠤᠣᠷ ᠬᠥᠨᠥᠭᠡᠯ ᠢ ᠲᠠᠶᠢᠯᠪᠤᠷᠢᠯᠠᠵᠤ᠂ ᠬᠠᠤᠯᠢ ᠪᠤᠰᠤ ᠬᠡᠪᠯᠡᠭᠳᠡᠬᠦᠨ ᠳᠤ ᠢᠯᠭᠠᠨ ᠲᠠᠨᠢᠬᠤ ᠤᠷ᠎ᠠ ᠮᠡᠷᠭᠡᠵᠢᠯ ᠵᠢᠴᠢ ᠰᠦᠪᠡᠭᠴᠢ ᠶᠢ ᠢᠯᠡᠴᠢᠯᠡᠨ ᠮᠡᠳᠡᠭᠦᠯᠬᠦ ᠠᠷᠭ᠎ᠠ ᠵᠠᠮ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ ᠰᠤᠷᠤᠭᠴᠢᠳ ᠢ ᠨᠠᠰᠤᠨ ᠳᠤ ᠦᠯᠦ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠬᠤᠣᠷ ᠬᠥᠨᠥᠭᠡᠯ ᠤᠴᠠᠷᠠᠭᠤᠯᠬᠤ ᠠᠭᠤᠯᠭ᠎ᠠ ᠶᠢᠨ ︽ᠬᠠᠷᠮᠠᠨ ᠪᠢᠴᠢᠭ︾᠂ ᠺᠠᠷᠲ᠋ᠣᠨ ᠱᠤᠭ ᠵᠢᠷᠤᠭ᠂ ᠲᠣᠭᠯᠠᠭᠠᠮ ᠤᠨ ᠺᠠᠷᠲ ᠵᠡᠷᠭᠡ ᠬᠤᠣᠷ ᠬᠥᠨᠥᠭᠡᠯ ᠲᠠᠢ ᠬᠡᠪᠯᠡᠭᠳᠡᠬᠦᠨ ᠵᠢᠴᠢ ᠡᠷᠬᠡ ᠳᠤ ᠬᠠᠯᠳᠠᠭᠰᠠᠨ ᠬᠤᠯᠠᠭᠠᠶᠢᠯᠠᠭᠰᠠᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠲᠠ ᠶᠢᠨ ᠬᠠᠪᠰᠤᠷᠤᠮᠵᠢ ᠪᠣᠯᠵᠤ᠂ ᠪᠣᠯᠪᠠᠰᠤᠨ ᠢᠶᠠᠷ ᠨᠣᠮ ᠤᠩᠰᠢᠬᠤ ᠰᠠᠶᠢᠨ ᠳᠠᠳᠬᠠᠯ ᠲᠠᠢ ᠪᠣᠯᠬᠤ ᠶᠢ ᠤᠷᠢᠶᠠᠯᠠᠪᠠ᠃ ᠠᠵᠢᠯᠯᠠᠭ᠎ᠠ ᠨᠢ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠬᠠᠭᠤᠯᠭ᠎ᠠ ᠶᠢᠨ ᠬᠠᠭᠤᠳᠠᠰᠤ᠂ ︽ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠤᠨ ᠤᠩᠰᠢᠬᠤ ᠪᠢᠴᠢᠭ︾᠂ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾᠂ ︽ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ᠵᠡᠷᠭᠡ ᠮᠠᠲ᠋ᠧᠷᠢᠶᠠᠯ ᠢ 1400 ᠭᠠᠷᠤᠢ ᠬᠤᠪᠢ ᠲᠠᠷᠬᠠᠭᠠᠪᠠ᠃    ᠠᠵᠢᠯ ᠲᠥᠷᠥᠯ ᠤᠨ ᠲᠠᠯᠠᠪᠤᠷ ᠭᠠᠵᠠᠷ ᠲᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠰᠠᠶᠢᠲᠤᠷ ᠬᠢᠨ᠎ᠡ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷᠠᠴᠤᠳ ᠢ ᠵᠣᠬᠢᠶᠠᠨ ᠪᠠᠶᠢᠭᠤᠯᠤᠨ ᠰᠤᠷᠭᠠᠭᠤᠯᠢ ᠶᠢᠨ ᠡᠷᠭᠢᠨ ᠲᠣᠭᠤᠷᠢᠨ ᠤ ᠪᠢᠴᠢᠭ ᠤᠨ ᠬᠡᠷᠡᠭᠰᠡᠯ ᠤᠨ ᠳᠡᠯᠭᠡᠭᠦᠷ᠂ ᠵᠢᠵᠢᠭ ᠬᠤᠳᠠᠯᠳᠤᠭᠠᠨ ᠤ ᠫᠦᠰᠡ ᠳᠤ ᠭᠦᠨᠵᠡᠭᠡᠶᠢᠷᠡᠨ ᠬᠡᠪᠯᠡᠯ ᠬᠤᠯᠠᠭᠠᠶᠢᠯᠠᠭᠰᠠᠨ᠂ ᠱᠠᠯᠢᠭ ᠵᠠᠪᠬᠠᠢ᠂ ᠪᠤᠯᠭᠢ ᠪᠦᠳᠦᠭᠦᠯᠢᠭ ᠪᠦᠲᠦᠭᠡᠭᠳᠡᠬᠦᠨ ᠢ ᠬᠤᠳᠠᠯᠳᠤᠭᠰᠠᠨ ᠬᠦᠨᠳᠦ ᠨᠣᠴᠢᠲᠠᠢ ᠬᠠᠤᠯᠢ ᠴᠠᠭᠠᠵᠠ ᠶᠢᠨ ᠦᠷ᠎ᠡ ᠳ᠋ᠦᠩ ᠢ ᠤᠬᠠᠭᠤᠯᠬᠤ ᠶᠢᠨ ᠬᠠᠮᠲᠤ ᠪᠠᠭᠤᠳᠠᠯ ᠤᠨ ᠠᠵᠢᠯ ᠲᠥᠷᠥᠯ ᠳᠤ ᠭᠦᠨᠵᠡᠭᠡᠶᠢᠷᠡᠨ ︽ᠳᠥᠷᠪᠡᠨ ᠪᠣᠳᠠᠲᠠᠢ︾ ᠳᠠᠩᠰᠠᠯᠠᠬᠤ ᠳᠦᠷᠢᠮ ᠪᠠ ᠨᠠᠰᠤᠨ ᠳᠤ ᠦᠯᠦ ᠬᠦᠷᠦᠭᠰᠡᠳ ᠤᠨ ᠣᠷᠣᠵᠤ ᠰᠠᠭᠤᠬᠤ ︽ᠲᠠᠪᠤᠨ ᠡᠷᠬᠡᠪᠰᠢ︾᠎ ᠶᠢᠨ ᠠᠵᠢᠯ ᠤᠨ ᠱᠠᠭᠠᠷᠳᠠᠯᠭ᠎ᠠ ᠶᠢᠨ ᠴᠢᠬᠤᠯᠠ ᠴᠢᠨᠠᠷ ᠢ ᠪᠦᠬᠦ ᠲᠠᠯ᠎ᠠ ᠪᠠᠷ ᠲᠦᠭᠡᠮᠡᠯᠵᠢᠭᠦᠯᠵᠦ᠂ ᠵᠤᠭ᠎ᠠ ᠴᠡᠩᠭᠡᠯ ᠤᠨ ᠲᠠᠯᠠᠪᠤᠷ ᠲᠤ ᠲᠣᠭᠲᠠᠭᠠᠯ ᠠᠴᠠ ᠵᠥᠷᠢᠴᠡᠨ ᠨᠠᠰᠤᠨ ᠳᠤ ᠦᠯᠦ ᠬᠦᠷᠦᠭᠰᠡᠳ ᠢ ᠡᠯᠰᠡᠨ ᠬᠡᠷᠡᠭᠯᠡᠬᠦ᠂ ᠬᠦᠯᠢᠶᠡᠨ ᠠᠪᠬᠤ ᠶᠢ ᠬᠤᠷᠢᠭᠯᠠᠬᠤ ᠶᠢᠨ ᠬᠠᠮᠲᠤ ᠲᠠᠯᠠᠪᠤᠷ ᠭᠠᠵᠠᠷ ᠲᠤ ᠢᠯᠡ ᠭᠠᠵᠠᠷ ᠲᠤ ᠬᠠᠮᠢᠶ᠎ᠠ ᠪᠦᠬᠦᠢ ᠲᠡᠮᠳᠡᠭ ᠨᠠᠭᠠᠵᠤ᠂ ᠡᠮᠡᠭᠲᠡᠶᠢᠴᠦᠳ ᠬᠡᠦᠬᠡᠳ ᠢ ᠮᠡᠬᠡᠯᠡᠨ ᠬᠤᠳᠠᠯᠳᠤᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠰᠤᠷᠲᠠᠯ ᠴᠢᠬᠡᠴᠢ ᠣᠪᠣᠷ ᠲᠥᠪ ᠠᠵᠢᠯ ᠲᠥᠷᠥᠯ ᠤᠨ ᠠᠭᠤᠷ ᠠᠮᠢᠰᠬᠤᠯ ᠢ ᠪᠣᠢ ᠪᠣᠯᠭᠠᠪᠠ᠃    ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠮᠡᠳᠡᠯᠭᠡ ᠶᠢ ᠲᠦᠭᠡᠮᠡᠯᠵᠢᠭᠦᠯᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠥᠰᠦᠨ ᠪᠤᠶᠢᠵᠢᠬᠤ ᠶᠢ ᠪᠠᠲᠤᠯᠠᠬᠤ ᠳᠤ ᠨᠢᠭᠡᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠣᠢ ᠪᠣᠯᠭᠠᠪᠠ᠃ ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠤᠰᠬᠠᠢ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠬᠠᠭᠤᠯᠭ᠎ᠠ ᠶᠢᠨ ᠲᠣᠣᠷ ᠢ ᠣᠯᠠᠨ ᠲᠠᠯ᠎ᠠ ᠠᠴᠠ ᠪᠦᠬᠦ ᠲᠠᠯ᠎ᠠ ᠪᠠᠷ ᠪᠠᠲᠤ ᠰᠦᠯᠵᠢᠵᠦ᠂ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠬᠠᠭᠤᠯᠭ᠎ᠠ ᠶᠢᠨ ᠲᠣᠣᠷ ᠢ ᠪᠦᠬᠦ ᠲᠠᠯ᠎ᠠ ᠪᠠᠷ ᠪᠠᠲᠤ ᠰᠦᠯᠵᠢᠵᠦ᠂ ︽ᠬᠠᠪᠤᠷ ᠤᠨ ᠴᠤᠮᠤᠷ ᠢ ᠬᠠᠮᠠᠭᠠᠯᠠᠬᠤ ᠠᠵᠢᠯᠯᠠᠭ᠎ᠠ︾᠎ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号