ᠳᠤᠭᠳᠠᠮᠠᠯ ᠬᠥᠷᠥᠩᠭᠡ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠳᠠᠬᠢᠨ ᠤᠷᠳᠤᠳᠬᠠᠨ᠎ᠠ
ᠨᠡᠶᠢᠲᠡᠯᠡᠭᠰᠡᠨ ᠴᠠᠭ᠄
2024/4/10
    ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠨ᠎ᠡ ᠶᠢ ᠡᠭᠦᠳᠴᠦ ᠠᠷᠠᠳ ᠲᠤ ᠳᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡᠨ ᠤ ᠵᠠᠭᠪᠤᠷ ᠢ ᠭᠦᠨᠵᠡᠭᠡᠶᠢᠷᠡᠭᠦᠯᠦᠨ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠳᠦᠯᠦᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠤᠭᠳᠠᠮᠠᠯ ᠬᠥᠷᠥᠩᠭᠡ ᠶᠢᠨ ᠳᠠᠩᠰᠠᠯᠠᠯᠲᠠ ᠶᠢᠨ ᠲᠥᠪ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠴᠡᠭ ᠢ ᠤᠷᠲᠤᠳᠬᠠᠵᠤ᠂ ᠪᠦᠬᠦ ᠠᠶᠢᠮᠠᠭ ᠲᠤ ︽ᠳᠤᠭᠳᠠᠮᠠᠯ ᠬᠥᠷᠥᠩᠭᠡ ᠶᠢᠨ ᠳᠠᠩᠰᠠᠯᠠᠯᠲᠠ ᠶᠢᠨ ᠳᠣᠲᠣᠭᠠᠳᠤ ᠶᠢ ᠬᠠᠮᠠᠭᠠᠯᠠᠬᠤ︾ ᠰᠢᠨ᠎ᠡ ᠵᠠᠭᠪᠤᠷ ᠢ ᠤᠷᠢᠳᠠᠪᠠᠷ ᠡᠬᠢᠯᠡᠭᠦᠯᠵᠦ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠴᠡᠭ ᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠶᠢᠨ ᠶᠠᠪᠤᠳᠠᠯ ᠤᠨ ᠴᠣᠩᠬᠤᠨ ᠳᠤ ᠬᠦᠷᠲᠡᠯ᠎ᠡ ᠤᠷᠲᠤᠳᠬᠠᠪᠠ     ᠥᠩᠭᠡᠷᠡᠭᠰᠡᠨ ᠳᠤ ᠪᠠᠶᠢᠭᠠᠯᠢᠭ ᠬᠥᠮᠦᠨ ᠣᠪᠣᠭ ᠨᠡᠷ᠎ᠡ ᠵᠡᠷᠭᠡ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠠᠴᠠ ᠪᠣᠯᠵᠣ ᠬᠤᠪᠢᠷᠠᠯᠲᠠ ᠭᠠᠷᠤᠭᠰᠠᠨ ᠦᠶ᠎ᠡ ᠳᠤ᠂ ᠬᠡᠷᠡᠭ ᠶᠠᠪᠤᠳᠠᠯ ᠭᠦᠢᠴᠡᠳᠬᠡᠬᠦ ᠳᠤ ᠣᠯᠠᠨ ᠲᠦᠮᠡᠨ ᠤᠷᠢᠳ ᠢᠶᠠᠷ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠡᠷᠦᠬᠡ ᠠᠮᠠ ᠶᠢᠨ ᠳᠠᠩᠰᠠᠯᠠᠯ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠰᠣᠯᠢᠵᠤ ᠠᠪᠬᠤ ᠵᠡᠷᠭᠡ ᠵᠦᠢᠯᠡᠰ ᠢ ᠭᠦᠢᠴᠡᠳᠬᠡᠭᠰᠡᠨ ᠤ ᠳᠠᠷᠠᠭ᠎ᠠ᠂ ᠳᠠᠬᠢᠨ ᠳᠤᠭᠳᠠᠮᠠᠯ ᠬᠥᠷᠥᠩᠭᠡ ᠶᠢᠨ ᠳᠠᠩᠰᠠᠯᠠᠯᠲᠠ ᠶᠢᠨ ᠰᠠᠯᠠᠭ᠎ᠠ ᠮᠥᠴᠢᠷ ᠲᠤ ᠬᠦᠷᠴᠦ ᠭᠡᠷ ᠪᠠᠶᠢᠰᠢᠩ ᠢ ᠬᠤᠪᠢᠷᠠᠭᠤᠯᠬᠤ ᠳᠠᠩᠰᠠᠯᠠᠯᠲᠠ᠂ ᠤᠷᠢᠳᠴᠢᠯᠠᠨ ᠮᠡᠳᠡᠭᠳᠡᠬᠦ ᠳᠠᠩᠰᠠᠯᠠᠯᠲᠠ ᠶᠢᠨ ᠬᠤᠪᠢᠷᠠᠯᠲᠠ ᠶᠢ ᠭᠤᠶᠤᠴᠢᠯᠠᠨ ᠭᠦᠢᠴᠡᠳᠬᠡᠵᠦ᠂ 2 ᠢᠵᠢ ᠮᠠᠲ᠋ᠧᠷᠢᠶᠠᠯ᠂ 2 ᠰᠠᠯᠠᠭ᠎ᠠ ᠮᠥᠴᠢᠷ᠂ 2 ᠠᠵᠢᠯᠯᠠᠬᠤ ᠡᠳᠦᠷ ᠲᠤ ᠭᠦᠢᠴᠡᠳᠬᠡᠵᠦ ᠳᠠᠭᠤᠰᠬᠠᠬᠤ ᠬᠡᠷᠡᠭᠲᠡᠢ᠃ ᠬᠠᠷᠢᠨ ︽ᠦᠯᠦ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠳᠣᠲᠣᠭᠠᠳᠤ ᠶᠢ ᠬᠠᠮᠠᠭᠠᠯᠠᠬᠤ︾ ᠰᠢᠨ᠎ᠡ ᠵᠠᠭᠪᠤᠷ ᠢ ᠨᠡᠪᠲᠡᠷᠡᠭᠦᠯᠦᠨ ᠠᠵᠢᠯᠯᠠᠭᠤᠯᠵᠤ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠶᠠᠪᠤᠳᠠᠯ ᠤᠨ ᠴᠣᠩᠬᠤᠨ ᠳᠤ ᠡᠷᠦᠬᠡ ᠠᠮᠠ ᠶᠢᠨ ᠳᠠᠩᠰᠠᠯᠠᠯᠲᠠ ᠶᠢ ᠭᠦᠢᠴᠡᠳᠬᠡᠬᠦ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠰᠣᠯᠢᠵᠤ ᠠᠪᠬᠤ ᠵᠡᠷᠭᠡ ᠵᠦᠢᠯᠡᠰ ᠢ ᠭᠦᠢᠴᠡᠳᠬᠡᠭᠰᠡᠨ ᠤ ᠳᠠᠷᠠᠭ᠎ᠠ ︽ᠮᠥᠩᠬᠡ ᠰᠤᠪᠠᠭ ᠤᠨ APP︾ ᠪᠤᠶᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠢᠨᠲ᠋ᠧᠷ ᠰᠦᠯᠵᠢᠶᠡᠨ ᠤ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ︾᠎ ᠶᠢ ᠨᠢᠭᠡ ᠴᠣᠭᠴᠠᠵᠢᠭᠤᠯᠬᠤ ᠲᠠᠪᠴᠠᠩ ᠢᠶᠠᠷ ᠳᠠᠮᠵᠢᠭᠤᠯᠤᠨ ᠭᠡᠷ ᠪᠠᠶᠢᠰᠢᠩ ᠢ ᠬᠤᠪᠢᠷᠠᠭᠤᠯᠤᠨ ᠳᠠᠩᠰᠠᠯᠠᠨ ᠲᠡᠮᠳᠡᠭᠯᠡᠬᠦ᠂ ᠤᠷᠢᠳᠴᠢᠯᠠᠨ ᠮᠡᠳᠡᠭᠳᠡᠵᠦ ᠳᠠᠩᠰᠠᠯᠠᠨ ᠲᠡᠮᠳᠡᠭᠯᠡᠬᠦ ᠶᠢ ᠬᠤᠪᠢᠷᠠᠭᠤᠯᠬᠤ ᠵᠡᠷᠭᠡ ᠬᠠᠮᠢᠶ᠎ᠠ ᠪᠦᠬᠦᠢ ᠳᠠᠩᠰᠠᠯᠠᠨ ᠲᠡᠮᠳᠡᠭᠯᠡᠬᠦ ᠲᠤᠬᠠᠶᠢᠯᠠᠭᠰᠠᠨ ᠠᠵᠢᠯ ᠢ ᠵᠡᠷᠭᠡ ᠪᠠᠷ ᠭᠤᠶᠤᠴᠢᠯᠠᠵᠤ ᠪᠣᠯᠤᠨ᠎ᠠ᠂ ᠵᠥᠪᠬᠡᠨ 1 ᠢᠵᠢ ᠮᠠᠲ᠋ᠧᠷᠢᠶᠠᠯ ᠬᠠᠩᠭᠠᠵᠤ᠂ 1 ᠰᠠᠯᠠᠭ᠎ᠠ ᠮᠥᠴᠢᠷ ᠲᠤ ᠬᠦᠷᠴᠦ᠂ 1 ᠭᠤᠭᠴᠤᠭ᠎ᠠ᠂ 1 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠵᠦ ᠳᠠᠭᠤᠰᠬᠠᠬᠤ ᠶᠢ ᠪᠡᠶᠡᠯᠡᠭᠦᠯᠵᠦ᠂ ︽ᠲᠥᠬᠦᠮ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ ᠲᠦᠷᠭᠡᠨ ᠭᠦᠢᠴᠡᠳᠬᠡᠬᠦ︾ ᠠᠵᠢᠯ ᠤᠨ ᠬᠠᠷᠠᠯᠲᠠ ᠳᠤ ᠬᠦᠷᠴᠦ᠂ ᠠᠵᠢᠯ ᠶᠠᠪᠤᠳᠠᠯ ᠭᠦᠢᠴᠡᠳᠬᠡᠬᠦ ᠳᠤ ᠲᠦᠢᠯ ᠤᠨ ᠶᠡᠭᠡ ᠳᠥᠭᠦᠮ ᠦᠵᠡᠭᠦᠯᠬᠦ ᠣᠯᠠᠨ ᠲᠦᠮᠡᠨ ᠳᠤ ᠲᠦᠢᠯ ᠤᠨ ᠶᠡᠭᠡ ᠳᠥᠭᠦᠮ ᠦᠵᠡᠬᠦᠯᠦᠨ᠎ᠡ᠃    ︽ᠳᠤᠭᠳᠠᠮᠠᠯ ᠬᠥᠷᠥᠩᠭᠡ ᠶᠢᠨ ᠳᠠᠩᠰᠠᠯᠠᠯᠲᠠ ᠶᠢᠨ ᠳᠣᠲᠣᠭᠠᠳᠤ ᠶᠢ ᠬᠠᠮᠠᠭᠠᠯᠠᠬᠤ︾ ᠰᠢᠨ᠎ᠡ ᠵᠠᠭᠪᠤᠷ ᠢ ᠬᠤᠪᠢᠷᠠᠭᠤᠯᠵᠤ᠂ ᠥᠩᠭᠡᠷᠡᠭᠰᠡᠨ ᠤ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ᠳᠣᠲᠣᠭᠠᠳᠤ ᠶᠢ ᠬᠠᠮᠠᠭᠠᠯᠠᠬᠤ ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠲᠤ ᠣᠴᠢᠵᠤ ᠢᠷᠡᠬᠦ ᠤᠯᠠᠮᠵᠢᠯᠠᠯᠲᠤ ᠵᠠᠭᠪᠤᠷ ᠢ ᠬᠤᠪᠢᠷᠠᠭᠤᠯᠵᠤ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠪᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠴᠣᠩᠬᠤ ᠪᠠᠷ ᠬᠠᠮᠲᠤ ᠪᠠᠷ ᠪᠠᠶᠢᠭᠤᠯᠤᠭᠰᠠᠨ ︽ᠳᠤᠭᠳᠠᠮᠠᠯ ᠬᠥᠷᠥᠩᠭᠡ ᠶᠢᠨ ᠳᠠᠩᠰᠠᠯᠠᠯᠲᠠ ᠶᠢᠨ ᠳᠣᠲᠣᠭᠠᠳᠤ ᠶᠢ ᠬᠠᠮᠠᠭᠠᠯᠠᠬᠤ︾ ᠰᠢᠨ᠎ᠡ ᠵᠠᠭᠪᠤᠷ ᠢᠶᠠᠷ ᠳᠠᠮᠵᠢᠭᠤᠯᠤᠨ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠳᠥᠭᠦᠮᠴᠢᠯᠡᠵᠦ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠠᠷᠠᠳ ᠲᠤ ᠳᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡᠨ ᠤ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠯᠦ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠲᠥᠪ ᠨᠢ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠶ᠋ᠯᠡᠳᠦᠯ ᠢ ᠦᠷᠭᠦᠯᠵᠢᠯᠡᠨ ᠭᠦᠶ᠋ᠴᠡᠳ ᠪᠠᠳᠠᠷᠠᠭᠤᠯᠵᠤ᠂ ᠣᠯᠠᠨ ᠵᠦᠢᠯ ᠤᠨ ᠬᠡᠯᠪᠡᠷᠢ ᠶᠢᠨ ︽ᠳᠤᠭᠳᠠᠮᠠᠯ ᠬᠥᠷᠥᠩᠭᠡ ᠶᠢ ᠳᠠᠩᠰᠠᠯᠠᠨ ᠲᠡᠮᠳᠡᠭᠯᠡᠬᠦ ᠦᠶ᠋ᠯᠡᠴᠢᠯᠡᠭᠡ︾᠎ ᠶᠢᠨ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠶ᠋ᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠠᠷᠠᠳ ᠲᠤ ᠳᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号