ᠡᠨᠡ 5 ᠵᠦᠢᠯ ᠤᠨ ᠴᠠᠢ ᠶᠢ ᠬᠠᠮᠤᠭ ᠰᠠᠶᠢᠨ ᠨᠢ ᠪᠢᠲᠡᠭᠡᠢ ᠤᠤᠭᠤ
ᠨᠡᠶᠢᠲᠡᠯᠡᠭᠰᠡᠨ ᠴᠠᠭ᠄
2024/4/10
   ᠡᠨᠡ 5 ᠵᠦᠢᠯ ᠤᠨ ᠴᠠᠢ ᠶᠢ ᠤᠤᠭᠤᠬᠤ ᠶᠢ ᠰᠠᠨᠠᠭᠠᠴᠢᠯᠠᠬᠤ ᠦᠭᠡᠢ 1. ᠥᠳᠬᠡᠨ ᠴᠠᠢ᠂ ᠲᠡᠮᠦᠷᠲᠦ ᠴᠢᠰᠤ ᠳᠤᠲᠠᠬᠤ ᠡᠪᠡᠳᠴᠢᠲᠡᠨ ᠨᠢ ᠥᠳᠬᠡᠨ ᠴᠠᠢ ᠶᠢ ᠪᠠᠭ᠎ᠠ ᠤᠤᠭᠤᠭᠠᠷᠠᠢ᠂ ᠥᠳᠬᠡᠨ ᠴᠠᠢ ᠤᠨᠲᠠᠬᠤ ᠶᠢ ᠨᠥᠯᠥᠭᠡᠯᠡᠨ᠎ᠡ᠂ ᠴᠠᠢ ᠤᠤᠭᠤᠬᠤ ᠴᠠᠭ ᠪᠠ ᠬᠡᠮᠵᠢᠶ᠎ᠡ ᠪᠠᠨ ᠴᠤ ᠠᠩᠬᠠᠷᠬᠤ ᠬᠡᠷᠡᠭᠲᠡᠢ᠃ 2. ᠸᠠᠯᠠᠭᠰᠠᠨ ᠴᠠᠢ᠂ ᠸᠠᠯᠠᠭᠰᠠᠨ ᠴᠠᠢ ᠶᠢ ᠤᠤᠭᠤᠪᠠᠯ ᠬᠥᠩᠭᠡᠨ ᠦᠶ᠎ᠡ ᠳᠤ ᠰᠠᠭᠤᠯᠭᠠᠬᠤ ᠵᠡᠷᠭᠡ ᠢᠳᠡᠭᠡᠨ ᠳᠤ ᠬᠤᠣᠷᠳᠠᠭᠳᠠᠬᠤ ᠰᠢᠨᠵᠢ ᠪᠠᠶᠢᠳᠠᠯ ᠭᠠᠷᠴᠤ᠂ ᠬᠦᠨᠳᠦ ᠦᠶ᠎ᠡ ᠳᠤ ᠡᠯᠢᠭᠡ᠂ ᠪᠥᠭᠡᠷ᠎ᠡ ᠵᠡᠷᠭᠡ ᠴᠢᠬᠤᠯᠠ ᠡᠷᠬᠡᠲᠡᠨ ᠤ ᠡᠪᠡᠳᠴᠢᠨ ᠤ ᠬᠤᠪᠢᠷᠠᠯᠲᠠ ᠶᠢ ᠡᠭᠦᠰᠬᠡᠵᠦ ᠮᠡᠳᠡᠨ᠎ᠡ᠃ 3. ᠦᠨᠦᠷᠲᠦ ᠴᠠᠢ᠂ ᠡᠨᠡ ᠴᠠᠢ ᠳᠤ ᠲᠧᠷᠫᠧᠨ ᠤ ᠲᠥᠷᠥᠯ ᠤᠨ ᠪᠣᠳᠠᠰ ᠠᠭᠤᠯᠤᠭᠳᠠᠵᠤ᠂ ᠪᠦᠲᠦᠴᠡ ᠨᠢ ᠣᠯᠠᠨ ᠰᠦᠪᠡ ᠲᠠᠢ ᠪᠠᠶᠢᠳᠠᠭ ᠪᠥᠭᠡᠳ ᠮᠠᠰᠢ ᠠᠮᠠᠷᠬᠠᠨ ᠢᠶᠠᠷ ᠰᠣᠨᠢᠨ ᠦᠨᠦᠷ ᠢ ᠰᠢᠩᠭᠡᠬᠡᠨ ᠠᠪᠳᠠᠭ᠂ ᠲᠡᠭᠦᠨ ᠢ ᠪᠤᠰᠤᠳ ᠦᠨᠦᠷᠲᠦ ᠶᠠᠭᠤᠮ᠎ᠠ ᠲᠠᠢ ᠨᠢᠭᠡ ᠬᠡᠰᠡᠭ ᠬᠤᠭᠤᠴᠠᠭ᠎ᠠ ᠲᠠᠯᠪᠢᠭᠰᠠᠨ ᠤ ᠳᠠᠷᠠᠭ᠎ᠠ ᠮᠠᠰᠢ ᠠᠮᠠᠷᠬᠠᠨ ᠠᠮᠲᠠ ᠨᠢ ᠬᠤᠪᠢᠷᠠᠳᠠᠭ᠃ ᠵᠠᠷᠢᠮ ᠠᠮᠲᠠ ᠳᠤᠨᠢ ᠬᠤᠣᠷᠲᠤ ᠡᠳ᠋ ᠠᠭᠤᠯᠵᠤ ᠪᠠᠶᠢᠳᠠᠭ᠂ ᠵᠢᠱᠢᠶᠡᠯᠡᠪᠡᠯ ᠰᠢᠷ ᠤᠨ ᠦᠨᠦᠷ ᠵᠡᠷᠭᠡ ᠨᠢ ᠬᠥᠮᠥᠨ ᠤ ᠪᠡᠶ᠎ᠡ ᠳᠤ ᠬᠤᠣᠷ ᠬᠥᠨᠥᠭᠡᠯ ᠤᠴᠠᠷᠠᠭᠤᠯᠳᠠᠭ᠃ 4. ᠤᠳᠠᠭᠠᠨ ᠪᠦᠷᠢᠬᠦ ᠴᠠᠢ᠂ ᠪᠦᠷᠢᠬᠦ ᠴᠠᠭ ᠨᠢ ᠬᠡᠲᠦ ᠣᠷᠳᠣ ᠪᠣᠯᠪᠠᠯ ᠴᠠᠢ ᠶᠢᠨ ᠥᠩᠭᠡ ᠨᠢ ᠪᠦᠳᠡᠭᠢ᠂ ᠠᠮᠲᠠ  ᠨᠢ ᠠᠨᠠᠢ ᠪᠣᠯᠵᠤ᠂ ᠠᠮᠲᠠᠯᠠᠬᠤ ᠦᠨ᠎ᠡ ᠥᠷᠲᠡᠭ ᠢᠶᠠᠨ ᠠᠯᠳᠠᠬᠤ ᠪᠠᠷ ᠪᠠᠷᠠᠬᠤ ᠦᠭᠡᠢ᠂ ᠪᠠᠰᠠ ᠴᠠᠢ ᠳᠣᠲᠣᠷᠠᠬᠢ ᠸᠢᠲ᠋ᠠᠮᠢᠨ ᠵᠡᠷᠭᠡ ᠨᠢ ᠢᠰᠦᠯᠳᠦᠭᠰᠡᠨ ᠠᠴᠠ ᠪᠣᠯᠵᠤ ᠪᠠᠭᠠᠰᠴᠤ᠂ ᠴᠠᠢ ᠶᠢᠨ ᠰᠢᠮ᠎ᠡ ᠲᠡᠵᠢᠭᠡᠯ ᠢ ᠶᠡᠭᠡ ᠪᠠᠷ ᠪᠠᠭᠤᠷᠠᠭᠤᠯᠳᠠᠭ᠃ 5. ᠬᠡᠲᠦ ᠬᠠᠯᠠᠭᠤᠨ ᠴᠠᠢ᠂ ᠴᠠᠢ ᠪᠦᠷᠢᠬᠦ ᠤᠰᠤᠨ ᠤ ᠬᠠᠯᠠᠭᠤᠨ ᠨᠢ ᠶᠡᠷᠦ ᠳᠡᠭᠡᠨ 80℃~90℃ ᠪᠤᠶᠤ ᠵᠠᠷᠢᠮ ᠳᠠᠭᠠᠨ ᠪᠠᠰᠠ 100℃ ᠪᠠᠶᠢᠳᠠᠭ᠂ ᠡᠶᠢᠮᠦ ᠠᠴᠠ ᠴᠠᠢ ᠶᠢ ᠬᠡᠲᠦ ᠬᠠᠯᠠᠭᠤᠨ ᠦᠶ᠎ᠡ ᠳᠤ ᠤᠤᠭᠤᠵᠤ ᠪᠣᠯᠬᠤ ᠦᠭᠡᠢ᠂ ᠡᠰᠡ ᠲᠡᠭᠡᠪᠡᠯ ᠠᠮᠠᠨ ᠤ ᠬᠥᠨᠳᠡᠢ ᠪᠣᠯᠣᠨ ᠤᠯᠠᠭᠠᠨ ᠬᠤᠭᠤᠯᠠᠢ ᠶᠢᠨ ᠰᠠᠯᠢᠰᠤᠲᠤ ᠪᠦᠷᠬᠦᠪᠴᠢ ᠶᠢ ᠬᠠᠯᠠᠭᠠᠵᠤ᠂ ᠰᠢᠷᠬᠠᠯᠠᠭ᠎ᠠ ᠡᠭᠦᠰᠬᠡᠵᠦ᠂ ᠤᠳᠠᠭᠠᠨ ᠳᠠᠭᠠᠨ ᠠᠮᠠᠨ ᠬᠥᠨᠳᠡᠢ ᠶᠢᠨ ᠥᠮᠡᠨ᠂ ᠤᠯᠠᠭᠠᠨ ᠬᠤᠭᠤᠯᠠᠢ ᠶᠢᠨ ᠥᠮᠡᠨ ᠢ ᠡᠭᠦᠰᠬᠡᠵᠦ ᠮᠡᠳᠡᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号