ᠬᠠᠯᠠᠭᠤᠨ ᠤᠰᠤ ᠪᠠᠷ ᠬᠥᠯ ᠢᠶᠠᠨ ᠳᠡᠪᠲᠦᠭᠡᠨ ᠤᠬᠢᠶᠠᠬᠤ ᠳᠤ ᠠᠩᠬᠠᠷᠬᠤ ᠬᠡᠷᠡᠭᠲᠡᠢ
ᠨᠡᠶᠢᠲᠡᠯᠡᠭᠰᠡᠨ ᠴᠠᠭ᠄
2024/4/10
    ᠬᠠᠯᠠᠭᠤᠨ ᠤᠰᠤ ᠪᠠᠷ ᠬᠥᠯ ᠢᠶᠠᠨ ᠳᠡᠪᠲᠦᠭᠡᠨ ᠤᠬᠢᠶᠠᠪᠠᠯ ᠰᠠᠶᠢᠬᠠᠨ ᠤᠨᠲᠠᠵᠤ ᠴᠢᠳᠠᠨ᠎ᠠ᠂ ᠡᠷᠡᠭᠦᠯ ᠴᠢᠭᠢᠷᠠᠭ ᠬᠥᠮᠥᠰ ᠲᠤ ᠠᠪᠴᠤ ᠬᠡᠯᠡᠪᠡᠯ ᠬᠥᠯ ᠢᠶᠠᠨ ᠳᠡᠪᠲᠦᠭᠡᠨ ᠤᠬᠢᠶᠠᠬᠤ ᠨᠢ ᠦᠨᠡᠬᠡᠷ ᠤᠨᠲᠠᠬᠤ ᠶᠢ ᠲᠤᠰᠠᠯᠠᠳᠠᠭ᠃ ᠭᠡᠪᠡᠴᠦ᠂ ᠨᠦᠢᠷ ᠬᠤᠯᠵᠢᠳᠠᠭ ᠬᠥᠮᠥᠰ ᠲᠤ ᠠᠪᠴᠤ ᠬᠡᠯᠡᠪᠡᠯ ᠬᠥᠯ ᠢᠶᠠᠨ ᠳᠡᠪᠲᠦᠭᠡᠨ ᠤᠬᠢᠶᠠᠬᠤ ᠨᠢ ᠨᠢᠭᠡ ᠯᠡ ᠳᠡᠭᠡᠷ᠎ᠡ ᠰᠠᠶᠢᠬᠠᠨ ᠤᠨᠲᠠᠭᠤᠯᠬᠤ ᠶᠢ ᠲᠤᠰᠠᠯᠠᠬᠤ ᠰᠠᠶᠢᠨ ᠠᠷᠭ᠎ᠠ ᠪᠢᠰᠢ᠃ ᠨᠦᠢᠷ ᠬᠤᠯᠵᠢᠬᠤ ᠨᠢ ᠮᠠᠰᠢ ᠣᠯᠠᠨ ᠡᠯᠧᠮᠧᠨ᠋ᠲ ᠠᠴᠠ ᠪᠣᠯᠤᠭᠰᠠᠨ ᠶᠤᠮ᠃ ᠬᠥᠯ ᠢᠶᠠᠨ ᠳᠡᠪᠲᠦᠭᠡᠨ ᠤᠬᠢᠶᠠᠬᠤ ᠳᠤ ᠶᠠᠭᠤ ᠶᠠᠭᠤ ᠶᠢ ᠠᠩᠬᠠᠷᠬᠤ ᠴᠢᠬᠤᠯᠠᠲᠠᠢ ᠪᠤᠢ 1. ᠬᠠᠯᠠᠭᠤᠨ ᠤᠰᠤᠨ ᠤ ᠬᠠᠯᠠᠭᠤᠨ ᠤ ᠬᠡᠮᠵᠢᠶ᠎ᠡ ᠶᠢ ᠠᠩᠬᠠᠷᠬᠤ ᠬᠡᠷᠡᠭᠲᠡᠢ᠃ 2. ᠬᠥᠯ ᠢᠶᠠᠨ ᠤᠰᠤᠨ ᠳᠤ ᠳᠡᠪᠲᠦᠭᠡᠨ ᠤᠬᠢᠶᠠᠬᠤ ᠨᠢ ᠬᠥᠮᠥᠨ ᠪᠣᠯᠭᠠᠨ ᠳᠤ ᠲᠣᠬᠢᠷᠠᠳᠠᠭ ᠪᠢᠰᠢ᠃ 3. ᠨᠠᠮᠵᠢᠭᠤᠨ ᠰᠤᠳᠠᠯ ᠭᠦᠷᠪᠠᠶᠢᠭ᠍ᠰᠡᠨ ᠪᠤᠶᠤ ᠯᠤᠭᠰᠢᠭᠤᠨ ᠰᠤᠳᠠᠯ ᠪᠥᠭᠯᠡᠷᠡᠭᠰᠡᠨ ᠡᠪᠡᠳᠴᠢᠲᠡᠨ ᠬᠠᠯᠠᠭᠤᠨ ᠤᠰᠤ ᠪᠠᠷ ᠬᠥᠯ ᠢᠶᠠᠨ ᠳᠡᠪᠲᠦᠭᠡᠨ ᠤᠬᠢᠶᠠᠪᠠᠯ ᠴᠢᠰᠤᠨ ᠤ ᠭᠦᠶᠦᠯᠲᠡ ᠶᠢᠨ ᠬᠡᠮᠵᠢᠶ᠎ᠡ ᠶᠢ ᠨᠡᠮᠡᠭᠳᠡᠭᠦᠯᠵᠦ᠂ ᠳᠠᠷᠤᠭᠠᠰᠤ ᠶᠢ ᠨᠠᠩ ᠬᠦᠨᠳᠦᠷᠡᠭᠦᠯᠬᠦ ᠪᠣᠯᠣᠨ᠎ᠠ᠃ 4. ᠰᠢᠬᠢᠷ ᠰᠢᠵᠢᠩ ᠡᠪᠡᠳᠴᠢᠨ ᠣᠯᠣᠭᠰᠠᠨ ᠡᠪᠡᠳᠴᠢᠲᠡᠨ ᠳᠤ ᠲᠤᠰᠠ ᠪᠣᠯᠬᠤ ᠦᠭᠡᠢ ᠶᠤᠮ᠃ 5. ᠬᠥᠯ ᠤᠨ ᠢᠯᠢᠳᠦ ᠡᠪᠡᠳᠴᠢᠨ ᠣᠯᠣᠭᠰᠠᠨ ᠡᠪᠡᠳᠴᠢᠲᠡᠨ᠂ ᠪᠠᠰᠠ ᠬᠥᠯ ᠤᠨ ᠪᠠᠮ ᠭᠡᠳᠡᠭ᠂ ᠡᠶᠢᠮᠦᠷᠬᠦ ᠡᠪᠡᠳᠴᠢᠲᠡᠨ ᠳᠤ ᠲᠤᠰᠠ ᠪᠣᠯᠬᠤ ᠦᠭᠡᠢ ᠶᠤᠮ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号