ᠥᠪᠡᠷ ᠢ ᠪᠠᠨ ᠰᠢᠯᠢᠳᠡᠭ ᠪᠠᠶᠢᠯᠭᠠᠬᠤ ᠡᠷᠳᠡᠮ
ᠨᠡᠶᠢᠲᠡᠯᠡᠭᠰᠡᠨ ᠴᠠᠭ᠄
2024/4/10
    ᠥᠪᠡᠷ ᠢ ᠪᠠᠨ ᠰᠢᠯᠢᠳᠡᠭ ᠪᠠᠶᠢᠯᠭᠠᠬᠤ ᠡᠷᠳᠡᠮ ᠲᠣᠳᠣᠷᠬᠠᠢ ᠬᠠᠷᠠᠯᠲᠠ ᠲᠠᠢ ᠪᠠᠶᠢᠬᠤ᠃ ᠬᠠᠷᠠᠯᠲᠠ ᠲᠣᠳᠣᠷᠬᠠᠢ ᠬᠥᠮᠥᠨ ᠤᠷᠤᠭᠰᠢᠯᠠᠬᠤ ᠵᠠᠮ ᠳᠠᠭᠠᠨ ᠨᠡᠩ ᠢᠯᠡᠭᠦᠦ ᠮᠡᠳᠡᠷᠡᠮᠵᠢ ᠲᠠᠢ ᠪᠠᠶᠢᠳᠠᠭ᠃ ᠥᠪᠡᠷᠲᠡᠭᠡᠨ ᠦᠨ᠎ᠡ ᠥᠷᠲᠡᠭ ᠲᠠᠢ ᠮᠥᠷᠲᠡᠭᠡᠨ ᠪᠡᠶᠡᠯᠡᠭᠦᠯᠵᠦ ᠳᠡᠶᠢᠯᠬᠦ ᠬᠠᠷᠠᠯᠲᠠ ᠲᠣᠭᠲᠠᠭᠠᠵᠤ᠂ ᠪᠣᠳᠠᠲᠠᠢ ᠠᠵᠢᠯᠯᠠᠭ᠎ᠠ ᠪᠠᠷ ᠢᠶᠠᠨ ᠳᠠᠮᠵᠢᠨ ᠪᠡᠶᠡᠯᠡᠭᠦᠯᠪᠡᠯ᠂ ᠲᠠᠨ ᠳᠤ ᠬᠠᠷᠠᠯᠲᠠ ᠪᠠᠨ ᠬᠥᠭᠡᠭᠡᠴᠡᠯᠳᠦᠬᠦ ᠶᠠᠪᠤᠴᠠ ᠳᠤ ᠠᠪᠴᠢᠷᠠᠭᠰᠠᠨ ᠵᠣᠯ ᠵᠢᠷᠭᠠᠯᠲᠤ ᠪᠥᠭᠡᠳ ᠠᠮᠵᠢᠯᠲᠠ ᠪᠦᠲᠦᠮᠵᠢ ᠲᠠᠢ ᠮᠡᠳᠡᠷᠡᠮᠵᠢ ᠲᠥᠷᠥᠭᠳᠡᠳᠡᠭ᠃ ᠰᠠᠨᠠᠭ᠎ᠠ ᠰᠡᠳᠬᠢᠯ᠂ ᠠᠭᠠᠰᠢ ᠵᠠᠩ ᠢᠶᠠᠨ ᠲᠣᠬᠢᠷᠠᠭᠤᠯᠵᠤ ᠳᠡᠶᠢᠯᠬᠦ᠃ ᠬᠡᠨ ᠳᠤ ᠴᠦ ᠠᠭᠤᠷ ᠪᠤᠬᠢᠨᠢᠳᠤᠯ ᠲᠠᠢ ᠦᠶ᠎ᠡ ᠪᠠᠶᠢᠳᠠᠭ᠃ ᠪᠢᠳᠡᠨ ᠤ ᠬᠢᠬᠦ ᠴᠢᠬᠤᠯᠠᠲᠠᠢ ᠠᠵᠢᠯ ᠪᠣᠯ ᠳᠠᠷᠤᠢ ᠰᠡᠳᠬᠢᠯ ᠰᠠᠨᠠᠭ᠎ᠠ ᠪᠠᠨ ᠡᠵᠡᠮᠳᠡᠨ᠂ ᠠᠭᠤᠷ ᠪᠤᠬᠢᠨᠢᠳᠤᠯ ᠢᠶᠠᠨ ᠳᠠᠷᠤᠵᠤ᠂ ᠤᠷᠮ᠎ᠠ ᠰᠡᠳᠬᠢᠯᠭᠡ ᠪᠠᠨ ᠰᠡᠷᠭᠦᠭᠡᠬᠦ ᠶᠠᠪᠤᠳᠠᠯ ᠪᠣᠯᠣᠨ᠎ᠠ᠃ ᠶᠠᠭᠤᠮ᠎ᠠ ᠰᠤᠷᠬᠤ ᠬᠦᠰᠡᠯ ᠵᠣᠷᠢᠯᠲᠠ ᠲᠠᠢ ᠪᠠᠶᠢᠬᠤ᠃ ᠶᠠᠭᠤᠮ᠎ᠠ ᠰᠤᠷᠬᠤ ᠬᠦᠰᠡᠯ ᠵᠣᠷᠢᠯᠲᠠ ᠲᠠᠢ ᠪᠠᠶᠢᠬᠤ ᠨᠢ ᠪᠢᠳᠡᠨ ᠢ ᠴᠠᠭ ᠢᠮᠠᠭᠲᠠ ᠰᠤᠷᠤᠯᠴᠠᠭᠤᠯᠵᠤ᠂ ᠠᠮᠢᠳᠤᠷᠠᠯ ᠳᠤ ᠢᠳᠡᠪᠬᠢᠲᠡᠢ ᠪᠠᠶᠢᠯᠭᠠᠵᠤ ᠴᠢᠳᠠᠳᠠᠭ᠃ ᠶᠠᠮᠠᠷ ᠴᠦ ᠵᠦᠢᠯ ᠳᠤ ᠰᠣᠨᠢᠭᠤᠴᠢ ᠰᠡᠳᠬᠢᠯᠭᠡ ᠪᠠᠷ ᠬᠠᠨᠳᠤᠵᠤ᠂ ᠰᠤᠷᠴᠤ ᠠᠪᠬᠤ ᠶᠢ ᠬᠥᠭᠡᠭᠡᠴᠡᠯᠳᠦᠭᠡᠳ ᠪᠠᠶᠢᠪᠠᠯ ᠥᠪᠡᠷ ᠢ  ᠪᠠᠨ ᠬᠥᠭᠵᠢᠭᠦᠯᠵᠦ ᠴᠢᠳᠠᠬᠤ ᠶᠢᠨ ᠳᠡᠭᠡᠷ᠎ᠡ ᠠᠮᠢᠳᠤᠷᠠᠯ ᠢᠶᠠᠨ ᠪᠠᠶᠠᠯᠢᠭ ᠪᠠᠶᠢᠯᠭᠠᠵᠤ ᠴᠢᠳᠠᠨ᠎ᠠ᠃ ᠥᠪᠡᠷ ᠤᠨ ᠢᠶᠠᠨ ᠦᠨ᠎ᠡ ᠴᠡᠨ᠎ᠡ ᠶᠢ ᠮᠡᠳᠡᠷᠡᠬᠦ᠃ ᠥᠪᠡᠷ ᠤᠨ ᠥᠪᠡᠷᠲᠡᠭᠡᠨ᠂ ᠮᠥᠨ ᠴᠦ ᠪᠤᠰᠤᠳ ᠲᠤ ᠦᠨᠡᠨᠴᠢ ᠪᠠᠷ ᠬᠠᠨᠳᠤᠵᠤ᠂ ᠠᠮᠢᠳᠤᠷᠠᠯ ᠳᠠᠭᠠᠨ ᠬᠠᠯᠠᠭᠤᠨ ᠰᠡᠳᠬᠢᠯ ᠲᠠᠢ ᠪᠠᠶᠢᠵᠤ᠂ ᠲᠡᠭᠦᠰ ᠰᠠᠶᠢᠬᠠᠨ ᠢ ᠬᠡᠲᠦᠷᠬᠡᠢ ᠬᠥᠭᠡᠭᠡᠴᠡᠯᠳᠦᠬᠦ ᠦᠭᠡᠢ᠂ ᠥᠪᠡᠷ ᠤᠨ ᠪᠡᠶ᠎ᠡ ᠪᠠᠨ ᠢᠯᠡᠭᠦᠬᠡᠨ ᠣᠶᠢᠯᠠᠭᠠᠵᠤ ᠪᠠᠭᠲᠠᠭᠠᠮᠵᠢᠲᠠᠢ ᠬᠠᠨᠳᠤᠪᠠᠯ᠂ ᠪᠢᠳᠡ ᠥᠪᠡᠷ ᠤᠨ ᠢᠶᠠᠨ ᠦᠨ᠎ᠡ ᠴᠡᠨ᠎ᠡ ᠪᠠᠨ ᠨᠠᠩ ᠠᠮᠠᠷᠬᠠᠨ ᠮᠡᠳᠡᠷᠡᠵᠦ ᠴᠢᠳᠠᠬᠤ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号