ᠭᠤᠷᠪᠠᠨ ᠰᠠᠶᠢᠨ ᠳᠠᠳᠬᠠᠯ ᠢ ᠪᠠᠷᠢᠮᠲᠠᠯᠠᠶ᠎ᠠ
ᠨᠡᠶᠢᠲᠡᠯᠡᠭᠰᠡᠨ ᠴᠠᠭ᠄
2024/4/10
   ᠭᠤᠷᠪᠠᠨ ᠰᠠᠶᠢᠨ ᠳᠠᠳᠬᠠᠯ ᠢ ᠪᠠᠷᠢᠮᠲᠠᠯᠠᠶ᠎ᠠ ᠡᠷᠲᠡ ᠪᠣᠰᠴᠤ ᠪᠠᠢ︕ ︽ᠪᠠᠷᠰ ᠴᠠᠭ ᠲᠤ ᠪᠤᠰᠬᠤ ᠦᠭᠡᠢ ᠪᠣᠯ ᠡᠳᠦᠷ ᠤᠨ ᠶᠠᠪᠤᠳᠠᠯ ᠬᠤᠴᠣᠷᠤᠨ᠎ᠠ︾ ᠬᠡᠳᠡᠭ᠃ ᠥᠷᠯᠥᠭᠡ ᠪᠦᠷᠢ ᠡᠷᠲᠡ ᠪᠣᠰᠴᠤ᠂ ᠲᠠᠪᠠ ᠪᠠᠷ ᠢᠶᠠᠨ ᠴᠠᠢ ᠪᠠᠨ ᠤᠤᠭᠤᠵᠤ᠂ ᠠᠵᠢᠯ ᠳᠠᠭᠠᠨ ᠶᠠᠭᠠᠷᠠᠵᠤ ᠰᠠᠨᠳᠤᠷᠬᠤ ᠦᠭᠡᠢ ᠣᠷᠣᠵᠤ ᠪᠠᠢ᠃ ᠨᠣᠮ ᠱᠠᠭᠠᠶᠢᠵᠤ ᠪᠠᠢ᠃ ᠨᠣᠮ ᠪᠣᠯ ᠳᠣᠮ ᠶᠤᠮ᠃   ᠥᠪᠡᠷ ᠢ ᠪᠠᠨ ᠮᠡᠳᠡᠯᠭᠡ ᠲᠠᠢ ᠪᠣᠯᠪᠠᠰᠤᠷᠠᠯ ᠲᠠᠢ ᠪᠠᠶᠢᠯᠭᠠᠬᠤ ᠳᠤ ᠨᠣᠮ ᠠᠴᠠ ᠰᠠᠯᠵᠤ ᠴᠢᠳᠠᠬᠤ ᠦᠭᠡᠢ᠃ ᠨᠢᠭᠡ ᠨᠢᠭᠡ ᠳᠡᠪᠲᠡᠷ ᠢᠶᠠᠷ ᠤᠩᠰᠢᠭᠠᠳ ᠵᠠᠭᠤᠨ ᠳᠡᠪᠲᠡᠷ ᠪᠣᠯᠵᠤ ᠢᠷᠡᠬᠦ ᠳᠤ᠂ ᠮᠡᠳᠡᠯᠭᠡ ᠮᠡᠷᠭᠡᠵᠢᠯ ᠴᠢᠨᠢ ᠳᠡᠭᠡᠭᠰᠢᠯᠡᠵᠦ᠂ ᠵᠠᠷᠢᠮ ᠠᠰᠠᠭᠤᠳᠠᠯ ᠢ ᠳᠠᠳᠮᠠᠭᠠᠢ ᠪᠠᠷ ᠰᠢᠢᠳᠪᠦᠷᠢᠯᠡᠵᠦ ᠴᠢᠳᠠᠳᠠᠭ ᠪᠣᠯᠣᠨ᠎ᠠ᠃ ᠮᠢᠩᠭᠠᠨ ᠳᠡᠪᠲᠡᠷ ᠨᠣᠮ ᠤᠩᠰᠢᠬᠤ ᠳᠤ᠂ ᠬᠠᠷᠠᠭ᠎ᠠ ᠪᠦᠷ ᠴᠦ ᠲᠡᠯᠡᠵᠦ᠂ ᠠᠮᠢᠳᠤᠷᠠᠯ ᠢ ᠮᠠᠰᠢ ᠰᠠᠶᠢᠨ ᠣᠶᠢᠯᠠᠭᠠᠳᠠᠭ ᠪᠣᠯᠵᠤ ᠢᠷᠡᠨ᠎ᠡ᠃ ᠭᠡᠬᠦ ᠳᠡᠭᠡᠨ ᠬᠠᠷᠢᠨ ᠥᠪᠡᠷ ᠲᠤ ᠴᠢᠨᠢ ᠬᠡᠷᠡᠭᠲᠡᠢ ᠨᠣᠮ ᠢ ᠰᠣᠩᠭᠤᠵᠤ ᠤᠩᠰᠢᠬᠤ ᠶᠤᠮ ᠰᠢᠦ᠃ ᠬᠠᠶᠠ ᠭᠠᠭᠴᠠᠭᠠᠷ ᠢᠶᠠᠨ ᠠᠮᠤᠷ ᠲᠠᠶᠢᠪᠤᠩ ᠪᠠᠶᠢᠵᠤ ᠰᠣᠷ᠃ ᠭᠠᠭᠴᠠᠭᠠᠷ ᠪᠠᠶᠢᠬᠤ ᠭᠡᠳᠡᠭ ᠨᠢ ᠬᠥᠮᠥᠨ ᠠᠮᠢᠳᠠᠨ ᠠᠴᠠ ᠵᠠᠶᠢᠳᠠᠬᠤ ᠶᠠᠪᠤᠳᠠᠯ ᠪᠢᠰᠢ᠂ ᠬᠠᠷᠢᠨ ᠥᠪᠡᠷ ᠤᠨ ᠪᠡᠶ᠎ᠡ ᠳᠡᠭᠡᠨ ᠣᠷᠣᠨ ᠵᠠᠢ ᠣᠯᠭᠤᠵᠤ᠂ ᠥᠪᠡᠷ ᠤᠨ ᠳᠤᠷᠠᠲᠠᠢ ᠵᠦᠢᠯ ᠳᠡᠭᠡᠨ ᠰᠢᠮᠳᠠᠬᠤ ᠴᠠᠭ ᠭᠠᠷᠭᠠᠵᠤ ᠪᠠᠶᠢᠬᠤ ᠶᠠᠪᠤᠳᠠᠯ ᠶᠤᠮ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号