ᠰᠢ ᠶᠢᠨ ᠫᠢᠩ ᠮᠢᠺᠷᠤᠨᠧᠰᠢᠶ᠎ᠠ ᠶᠢᠨ ᠬᠤᠯᠪᠣᠭᠠᠨ ᠤ ᠶᠡᠷᠦᠩᠬᠡᠶᠢᠯᠡᠭᠴᠢ ᠰᠢᠮᠢᠨᠠ ᠲᠠᠢ ᠬᠡᠯᠡᠯᠴᠡᠭᠡ ᠬᠢᠪᠠ
ᠨᠡᠶᠢᠲᠡᠯᠡᠭᠰᠡᠨ ᠴᠠᠭ᠄
2024/4/10
   4 ᠰᠠᠷ᠎ᠠ ᠶᠢᠨ 9 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠮᠢᠺᠷᠤᠨᠧᠰᠢᠶ᠎ᠠ ᠶᠢᠨ ᠬᠤᠯᠪᠣᠭᠠᠨ ᠤ ᠶᠡᠷᠦᠩᠬᠡᠶᠢᠯᠡᠭᠴᠢ ᠰᠢᠮᠢᠨᠠ ᠲᠠᠢ ᠬᠡᠯᠡᠯᠴᠡᠭᠡ ᠬᠢᠪᠡ᠃
664.png
   ᠰᠢ ᠶᠢᠨ ᠫᠢᠩ᠂ ᠡᠨᠡ ᠵᠢᠯ ᠪᠣᠯ ᠳᠤᠮᠳᠠᠳᠤ ᠮᠢᠺᠷᠤᠨᠧᠰᠢᠶ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 35 ᠵᠢᠯ ᠤᠨ ᠣᠶ ᠪᠣᠯᠤᠨ᠎ᠠ᠃ ᠬᠤᠶᠠᠷ ᠤᠯᠤᠰ ᠢᠮᠠᠭᠲᠠ ᠬᠠᠷᠢᠯᠴᠠᠨ ᠬᠦᠨᠳᠦᠳᠭᠡᠵᠦ᠂ ᠡᠷᠬᠡ ᠲᠡᠭᠰᠢ ᠪᠠᠷ ᠬᠠᠨᠳᠤᠵᠤ᠂ ᠨᠥᠬᠦᠷᠰᠡᠭ ᠢᠶᠠᠷ ᠬᠠᠮᠲᠤᠷᠠᠯᠴᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠵᠦ᠂ ᠬᠤᠶᠠᠷ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠪᠡ᠃ ᠳᠤᠮᠳᠠᠳᠤ ᠤᠯᠤᠰ ᠮᠢᠺᠷᠤᠨᠧᠰᠢᠶ᠎ᠠ ᠶᠢᠨ ᠬᠢᠨ ᠤ ᠤᠯᠤᠰ ᠤᠨ ᠡᠷᠬᠡ ᠮᠡᠳᠡᠯ ᠪᠠ ᠲᠤᠰᠠᠭᠠᠷ ᠲᠣᠭᠲᠠᠨᠢᠯ ᠢᠶᠠᠨ ᠬᠠᠮᠠᠭᠠᠯᠠᠵᠤ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠠᠵᠤ ᠠᠬᠤᠢ ᠪᠠᠨ ᠬᠥᠭᠵᠢᠭᠦᠯᠦᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠲᠠᠮᠵᠢᠨ᠎ᠠ᠃ ᠳᠤᠮᠳᠠᠳᠤ ‍ᠤᠮᠤᠰ ᠳᠤᠷᠠᠲᠠᠶ᠎ᠠ ᠮᠢᠺᠷᠤᠨᠧᠰᠢᠶ᠎ᠠ ᠶᠢᠨ ᠬᠢᠨ ᠲᠠᠢ ᠬᠠᠮᠲᠤ ᠪᠠᠷ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 35 ᠵᠢᠯ ᠤᠨ ᠤᠢ ᠪᠠᠷ ᠰᠢᠨ᠎ᠡ ᠭᠠᠷᠤᠭ᠎ᠠ ᠪᠣᠯᠭᠠᠵᠤ᠂ ᠡᠯ᠎ᠡ ᠲᠡᠰ ᠳᠠᠪᠬᠤᠷᠭ᠎ᠠ ᠶᠢᠨ ᠰᠣᠯᠢᠯᠴᠠᠭ᠎ᠠ ᠶᠠᠷᠢᠯᠴᠠᠭ᠎ᠠ ᠶᠢ ᠪᠠᠲᠤᠯᠠᠵᠤ᠂ ᠡᠯ᠎ᠡ ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠴᠢᠩᠭᠠᠳᠬᠠᠵᠤ᠂ ᠳᠤᠮᠳᠠᠳᠤ ᠮᠢᠺᠷᠤᠨᠤᠰᠢᠶ᠎ᠠ ᠶᠢᠨ ᠬᠠᠷᠢᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠤᠯᠤᠰ ᠲᠦᠷᠦ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ᠂ ᠬᠠᠮᠲᠤ ᠪᠠᠷ ᠬᠥᠭᠵᠢᠬᠦ ᠬᠠᠮᠲᠤᠷᠠᠯᠴᠠᠭᠠᠨ ᠤ ᠦᠨᠳᠦᠰᠦᠨ ᠬᠦᠭ ᠠᠶᠠᠰ ᠢ ᠪᠠᠷᠢᠮᠲᠠᠯᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠲᠦᠷᠭᠡᠳᠭᠡᠨ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠣᠶᠣᠯ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠣᠷᠣᠨ ᠨᠤᠲᠤᠭ ᠵᠡᠷᠭᠡ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠨᠢᠭᠲᠠᠷᠠᠭᠤᠯᠤᠶ᠎ᠠ᠃ ᠮᠢᠺᠷᠤᠨᠤᠰᠢᠶ᠎ᠠ ᠶᠢᠨ ᠬᠤᠯᠪᠣᠭᠠᠨ ᠤ ᠨᠡᠩ ᠤᠯᠠᠨ ᠵᠠᠯᠠᠭᠤᠴᠤᠳ ᠤᠨ ᠳᠤᠮᠳᠠᠳᠤ ᠤᠯᠤᠰ ᠲᠤ ᠢᠷᠡᠵᠤ ᠰᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠤᠯᠤᠰ ᠤᠨ ᠣᠷᠣᠨ ᠨᠤᠲᠤᠭ ᠤᠨ ︽ᠡᠮᠴᠢᠯᠡᠭᠡᠨ ᠤ ᠦᠢᠯᠡᠴᠢᠯᠡᠭᠡ ᠬᠠᠨᠭ᠍ᠭᠠᠬᠤ︾᠂ ︽ᠰᠢ ᠵᠦᠴᠦᠭᠡ ᠶᠢᠨ ᠲᠤᠬᠯᠠᠯᠳᠠ ᠭᠠᠷᠭᠠᠬᠤ︾ ᠵᠡᠷᠭᠡ ᠲᠦᠷᠦᠯ ᠵᠦᠢᠯ ᠨᠢ ᠮᠢᠺᠷᠤᠨᠤᠰᠢᠶ᠎ᠠ ᠶᠢᠨ ᠬᠤᠯᠪᠣᠭᠠᠨ ᠤ ᠠᠷᠠᠳ ᠤᠯᠠᠨ ᠤ ᠬᠦᠷᠢᠶᠡᠯᠡᠯ ᠢ ᠣᠯᠵᠤ᠂ ᠬᠤᠶᠠᠷ ᠲᠠᠯ᠎ᠠ ᠪᠠᠷ ᠢᠶᠠᠨ ᠨᠡᠩ ᠤᠯᠠᠨ ᠠᠳᠠᠯᠢᠪᠲᠤᠷ ᠲᠦᠷᠦᠯ ᠵᠦᠢᠯ ᠢ ᠥᠷᠨᠢᠭᠦᠯᠵᠦ ᠪᠣᠯᠤᠨ᠎ᠠ᠃ ᠳᠤᠮᠳᠠᠳᠤ ‍ᠤᠮᠤᠰ ᠳᠤᠷᠠᠲᠠᠶ᠎ᠠ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢᠨ ᠪᠤᠷᠤ ᠲᠦᠯᠦᠪ ᠤᠨ ᠳᠣᠲᠣᠷ᠎ᠠ ᠮᠢᠺᠷᠤᠨᠧᠰᠢᠶ᠎ᠠ ᠶᠢᠨ ᠬᠢᠨ ᠳᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠤᠰᠠᠯᠠᠮᠵᠢ ᠬᠠᠩᠭᠠᠵᠤ᠂ ᠴᠢᠳᠠᠪᠤᠷᠢ ᠶᠢᠨ ᠪᠠᠶᠢᠭᠤᠯᠤᠯᠳᠠ ᠶᠢᠨ ᠪᠤᠯᠪᠠᠰᠤᠷᠠᠯ ᠦᠷᠨᠢᠬᠦᠯᠤᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠤᠨ ᠶᠠᠷᠢᠶᠠᠨ ᠤ ᠲᠠᠪᠴᠠᠩ ᠵᠡᠷᠭᠡ ᠤᠯᠠᠨ ᠲᠠᠯᠠᠲᠤ ᠪᠣᠷᠣ ᠲᠥᠯᠥᠪ ᠤᠨ ᠳᠣᠲᠣᠷᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ ᠢ ᠬᠠᠮᠲᠤ ᠪᠠᠷ ᠦᠢᠯᠡᠳᠦᠯᠭᠡᠵᠢᠭᠦᠯᠵᠦ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠤ ᠵᠢᠭᠠᠵᠤ ᠭᠠᠷᠭᠠᠪᠠ᠃   ᠰᠢ ᠶᠢᠨ ᠫᠢᠩ᠂ ᠳᠤᠮᠳᠠᠳᠤ ᠤᠯᠤᠰ ᠨᠣᠮᠣᠬᠠᠨ ᠲᠡᠯᠡᠶ ᠶᠢᠨ ᠠᠷᠠᠯᠲᠤ ᠤᠯᠤᠰ ᠤᠳ ᠯᠤᠭ᠎ᠠ ᠥᠨᠢ ᠤᠳᠠᠭᠠᠨ ᠶᠠᠪᠤᠯᠴᠠᠭᠠᠨ ᠤ ᠲᠡᠤᠬᠡ ᠲᠠᠢ᠂ ᠭᠦᠨ ᠵᠤᠵᠠᠭᠠᠨ ᠠᠷᠠᠳ ᠲᠦᠮᠡᠨ ᠤ ᠨᠥᠬᠦᠷᠯᠡᠯ᠂ ᠬᠠᠮᠲᠤ ᠶᠢᠨ ᠬᠥᠭᠵᠢᠯᠲᠡ ᠶᠢᠨ ᠬᠡᠷᠡᠭᠴᠡᠭᠡ ᠲᠠᠢ ᠶᠤᠮ᠃ ᠳᠤᠮᠳᠠᠳᠤ ᠤᠯᠤᠰ ᠠᠷᠠᠯᠲᠤ ᠤᠯᠤᠰ ᠤᠳ ᠯᠤᠭ᠎ᠠ ᠶᠢᠨ ᠬᠠᠷᠢᠯᠴᠠᠭ᠎ᠠ ᠪᠠᠨ ᠬᠥᠭᠵᠢᠭᠦᠯᠵᠦ ᠪᠠᠶᠢᠭ᠎ᠠ ᠨᠢ ᠬᠦᠭᠵᠢᠵᠤ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠪᠣᠷᠣ ᠲᠥᠯᠥᠪ ᠤᠨ ᠳᠣᠲᠣᠷᠠᠬᠢ ᠬᠠᠷᠢᠯᠴᠠᠨ ᠬᠠᠪᠰᠤᠷᠴᠤ ᠬᠠᠷᠢᠯᠴᠠᠨ ᠲᠤᠰᠠᠯᠠᠯᠴᠠᠵᠤ ᠪᠠᠶᠢᠭ᠎ᠠ ᠶᠠᠪᠤᠳᠠᠯ ᠮᠥᠨ᠂ ᠭᠤᠷᠪᠠᠳᠠᠬᠴᠢ ᠡᠲᠡᠭᠡᠳ ᠲᠤ ᠴᠢᠭᠯᠡᠭᠦᠯᠦᠭᠰᠡᠨ ᠦᠭᠡᠢ ᠪᠦᠭᠡᠳ ᠭᠤᠷᠪᠠᠳᠠᠬᠴᠢ ᠡᠲᠡᠭᠡᠳ ᠤᠨ ᠬᠠᠷᠰᠢᠯᠠᠯ ᠢ ᠴᠤ ᠬᠦᠯᠢᠶᠡᠬᠦ ᠶᠣᠰᠣ ᠦᠭᠡᠢ ᠶᠤᠮ᠃ ᠡᠯ᠎ᠡ ᠤᠯᠤᠰ ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠯᠤᠭ᠎ᠠ ᠶᠢᠨ ᠬᠠᠷᠢᠯᠴᠠᠭ᠎ᠠ ᠪᠠᠨ ᠬᠥᠭᠵᠢᠭᠦᠯᠬᠦ ᠳᠡᠭᠡᠨ ᠠᠷᠠᠯᠲᠤ ᠤᠯᠤᠰ ᠤᠳ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠵᠤ᠂ ᠬᠥᠭᠵᠢᠭᠦᠯᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠡᠭᠡᠭᠡᠯᠲᠡᠲᠡᠶ ᠪᠠᠭᠲᠠᠭᠠᠮᠵᠢᠲᠠᠶ ᠪᠠᠶᠢᠬᠤ ᠶᠢ ᠪᠠᠷᠢᠮᠲᠠᠯᠠᠪᠠᠯ ᠵᠣᠬᠢᠨ᠎ᠠ ᠭᠡᠵᠦ ᠳᠤᠮᠳᠠᠳᠤ ‍ᠤᠮᠤᠰ ᠵᠣᠷᠢᠵᠤ ᠪᠠᠶᠢᠨ᠎ᠠ᠃ ᠠᠷᠠᠯᠲᠤ ᠤᠯᠤᠰ ᠤᠳ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢ ᠰᠣᠩᠭᠤᠬᠤ ᠡᠷᠬᠡ ᠲᠠᠢ᠂ ᠪᠤᠢ ᠪᠦᠬᠦᠢ ᠬᠥᠭᠵᠢᠯᠲᠡ ᠶᠢᠨ ᠬᠠᠨᠢᠲᠠᠨ ᠯᠤᠭ᠎ᠠ ᠨᠥᠬᠦᠷᠰᠡᠭ ᠬᠠᠮᠲᠤᠷᠠᠯᠴᠠᠭ᠎ᠠ ᠥᠷᠨᠢᠭᠦᠯᠬᠦ ᠡᠷᠬᠡ ᠲᠠᠢ ᠶᠤᠮ᠃ ᠳᠤᠮᠳᠠᠳᠤ ᠤᠯᠤᠰ ᠳᠤᠷᠠᠲᠠᠶ᠎ᠠ ᠠᠷᠠᠯᠲᠤ ᠤᠯᠤᠰ ᠤᠳ ᠤᠨ ᠬᠥᠭᠵᠢᠯᠲᠡ ᠳᠤ ᠴᠢᠳᠠᠯ ᠤᠨ ᠬᠢᠷᠢ ᠪᠠᠷ ᠢᠶᠠᠨ ᠦᠷᠭᠦᠯᠵᠢᠯᠡᠨ ᠳᠡᠮᠵᠢᠯᠭᠡ ᠦᠵᠡᠭᠦᠯᠵᠦ᠂ ᠭᠤᠷᠪᠠᠨ ᠲᠠᠯ᠎ᠠ ᠪᠤᠶᠤ ᠤᠯᠠᠨ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠦᠨ᠎ᠡ ᠭᠡᠵᠤ ᠵᠢᠭᠠᠵᠤ ᠭᠠᠷᠭᠠᠪᠠ᠃   ᠰᠢᠮᠢᠨᠠ᠂ ᠮᠢᠺᠷᠤᠨᠧᠰᠢᠶ᠎ᠠ ᠶᠢᠨ ᠬᠤᠯᠪᠣᠭ᠎ᠠ ᠪᠣᠯᠤᠨ ᠳᠤᠮᠳᠠᠳᠤ ᠤᠯᠤᠰ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠬᠤᠶᠠᠷ ᠤᠯᠤᠰ ᠢᠶᠠᠷ ᠢᠶᠠᠨ ᠢᠮᠠᠭᠲᠠ ᠬᠠᠷᠢᠯᠴᠠᠨ ᠬᠦᠨᠳᠦᠳᠭᠡᠬᠦ᠂ ᠡᠷᠬᠡ ᠲᠡᠭᠰᠢ ᠪᠠᠷ ᠬᠠᠨᠳᠤᠯᠴᠠᠬᠤ᠂ ᠳᠣᠲᠣᠭᠠᠳᠤ ᠵᠠᠰᠠᠭ ᠲᠤ ᠬᠠᠷᠢᠯᠴᠠᠨ ᠭᠠᠷ ᠦᠯᠦ ᠲᠦᠷᠦᠭᠦ ᠵᠡᠷᠭᠡ ᠦᠨᠳᠦᠰᠦᠨ ᠵᠠᠷᠴᠢᠮ ᠢ ᠪᠠᠷᠢᠮᠲᠠᠯᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠲᠦᠷᠭᠡᠨ ᠬᠥᠭᠵᠢᠪᠡ᠃ ᠮᠢᠺᠷᠤᠨᠤᠰᠢᠶ᠎ᠠ ᠶᠢᠨ ᠬᠤᠯᠪᠣᠭᠠᠨ ᠤ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ᠂ ᠳᠡᠯᠡᠬᠡᠢ ᠳᠡᠭᠡᠷ᠎ᠡ ᠨᠢᠭᠡ ᠯᠡ ᠳᠤᠮᠳᠠᠳᠤ ᠤᠯᠤᠰ ᠪᠤᠢ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠪᠣᠯ ᠪᠦᠬᠦ ᠳᠤᠮᠳᠠᠳᠤ ᠤᠯᠤᠰ ᠢ ᠲᠥᠯᠥᠭᠡᠯᠡᠬᠦ ᠴᠤᠷ ᠤᠨ ᠭᠠᠭᠴᠠ ᠬᠠᠤᠯᠢ ᠶᠣᠰᠣᠨ ᠤ ᠵᠠᠰᠠᠭ ᠤᠨ ᠣᠷᠳᠣᠨ ᠮᠥᠨ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠭᠡᠷ ᠤᠨ ᠰᠠᠯᠵᠤ ᠪᠣᠯᠤᠰᠢ ᠦᠭᠡᠢ ᠨᠢᠭᠡ ᠬᠡᠰᠡᠭ ᠮᠥᠨ᠂ ᠳᠤᠮᠳᠠᠳᠤ ᠶᠢᠨ ᠲᠠᠯ᠎ᠠ ᠶᠢᠨ ᠲᠠᠶᠢᠸᠠᠨ ᠲᠠᠢ ᠬᠤᠯᠪᠣᠭᠳᠠᠬᠤ᠂ ᠰᠢᠶᠠᠩᠭᠠᠩ ᠲᠠᠢ ᠬᠤᠯᠪᠣᠭᠳᠠᠬᠤ᠂ ᠰᠢᠨᠵᠢᠶᠠᠩ ᠲᠠᠢ ᠬᠤᠯᠪᠣᠭᠳᠠᠬᠤ᠂ ᠲᠥᠪᠡᠳ ᠲᠠᠢ ᠬᠤᠯᠪᠣᠭᠳᠠᠬᠤ ᠵᠡᠷᠭᠡ ᠭᠤᠣᠯᠯᠠᠭᠴᠢ ᠠᠰᠢᠭ ᠲᠤᠰᠠ ᠶᠢᠨ ᠠᠰᠠᠭᠤᠳᠠᠯ ᠳᠡᠭᠡᠷᠡᠬᠢ ᠵᠣᠭᠰᠣᠯᠲᠠ ᠶᠢ ᠡᠷᠡᠰ ᠳᠡᠮᠵᠢᠨ᠎ᠠ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠨᠢ ᠬᠥᠭᠵᠢᠵᠦ ᠪᠠᠶᠢᠭ᠎ᠠ ᠤᠯᠤᠰ ᠤᠳ ᠢ ᠬᠠᠪᠰᠤᠷᠤᠨ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠬᠥᠭᠵᠢᠯ ᠴᠡᠴᠡᠭᠯᠡᠯ ᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠳᠤᠮᠳᠠᠳᠤ ᠶᠢᠨ ᠲᠠᠯ᠎ᠠ ᠶᠢᠨ ᠤᠷᠲᠤ ᠬᠤᠭᠤᠴᠠᠭᠠᠨ ᠤ ᠲᠤᠷᠰᠢ ᠮᠢᠺᠷᠤᠨᠧᠰᠢᠶ᠎ᠠ ᠶᠢᠨ ᠬᠤᠯᠪᠣᠭ᠎ᠠ ᠵᠡᠷᠭᠡ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠳᠤᠷᠠᠲᠠᠶ᠎ᠠ ︽ᠨᠢᠭᠡ ᠪᠦᠰᠡ ᠨᠢᠭᠡ ᠵᠠᠮ︾ ᠤᠨ ᠪᠤᠷᠤ ᠲᠦᠯᠦᠪ ᠤᠨ ᠳᠣᠣᠷ᠎ᠠ ᠬᠥᠳᠡᠭᠡ ᠠᠵᠤ ᠠᠬᠤᠢ᠂ ᠵᠢᠭᠠᠰᠤᠨ ᠤ ᠠᠵᠤ ᠠᠬᠤᠢ᠂ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ ᠵᠢᠭᠤᠯᠴᠢᠯᠠᠯ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠭᠤᠷ ᠠᠮᠢᠰᠬᠤᠯ ᠤᠨ ᠬᠤᠪᠢᠷᠠᠯᠲᠠ ᠶᠢ ᠬᠠᠮᠲᠤ ᠪᠠᠷ ᠠᠷᠭᠠᠴᠠᠭᠠᠨ᠎ᠠ᠃ ᠳᠤᠮᠳᠠᠳᠤ ᠤᠯᠤᠰ ᠤᠨ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠤᠨ ᠭᠠᠵᠠᠷ ᠣᠷᠣᠨ ᠳᠠᠬᠢ ᠬᠠᠮᠲᠤᠷᠠᠯᠴᠠᠭ᠎ᠠ ᠨᠢ ᠭᠠᠵᠠᠷ ᠣᠷᠣᠨ ᠤ ᠡᠩᠬᠡ ᠲᠠᠶᠢᠪᠤᠩ ᠪᠣᠯᠤᠨ ᠬᠥᠭᠵᠢᠯᠲᠡ ᠳᠤ ᠠᠰᠢᠭᠲᠠᠢ ᠶᠤᠮ᠂ ᠮᠢᠺᠷᠤᠨᠧᠰᠢᠶ᠎ᠠ ᠶᠢᠨ ᠬᠢᠨ ᠠᠷᠠᠯᠲᠤ ᠤᠯᠤᠰ ᠤᠳ ᠤᠨ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠢᠳᠡᠪᠬᠢᠲᠡᠢ ᠠᠬᠢᠭᠤᠯᠤᠨ᠎ᠠ ᠭᠡᠵᠦ ᠢᠯᠡᠳᠭᠡᠪᠡ᠃   ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ᠂ ᠪᠣᠬᠢᠷᠲᠤᠯ ᠦᠭᠡᠢ ᠬᠥᠭᠵᠢᠯᠲᠡ᠂ ᠬᠥᠳᠡᠭᠡ ᠠᠵᠤ ᠠᠬᠤᠢ᠂ ᠡᠮ ᠡᠮᠨᠡᠯᠭᠡ ᠡᠷᠡᠭᠦᠯ ᠬᠠᠮᠠᠭᠠᠯᠠᠯ᠂ ᠰᠠᠭᠤᠷᠢ ᠲᠥᠬᠦᠭᠡᠷᠦᠮᠵᠢ᠂ ᠬᠥᠭᠵᠢᠯᠲᠡ ᠶᠢᠨ ᠬᠠᠮᠲᠤᠷᠠᠯᠴᠠᠭ᠎ᠠ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃   ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠮᠢᠺᠷᠤᠨᠧᠰᠢᠶ᠎ᠠ ᠶᠢᠨ ᠬᠤᠯᠪᠣᠭᠠᠨ ᠤ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠨ᠎ᠡ᠃ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠰᠢᠮᠢᠨᠠ ᠪᠣᠯᠤᠨ ᠲᠡᠭᠦᠨ ᠤ ᠬᠠᠳᠤᠨ ᠠᠨᠰᠤᠯᠢ ᠶᠢ ᠤᠭᠲᠤᠬᠤ ᠶᠣᠰᠣᠯᠠᠯ ᠶᠠᠪᠤᠭᠤᠯᠪᠠ᠃   ᠰᠢᠮᠢᠨᠠ ᠶᠢ ᠬᠦᠷᠬᠦ ᠦᠶ᠎ᠡ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠶᠣᠰᠣᠯᠠᠪᠠ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠬᠦᠮ ᠳᠤᠮᠳᠠᠳᠤ ᠮᠢᠺᠷᠤᠨᠧᠰᠢᠶ᠎ᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠤᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ᠃ ᠰᠢᠮᠢᠨᠠ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠶᠣᠰᠣᠯᠠᠯ ᠤᠨ ᠠᠩᠬᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃   ᠲᠤᠰ ᠤᠷᠤᠢ᠂ ᠰᠢ ᠶᠢᠨ ᠫᠢᠩ ᠪᠣᠯᠤᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ ᠰᠢᠷᠭᠠᠯ ᠲᠢᠩᠬᠢᠮ ᠳᠤ ᠰᠢᠮᠢᠨᠠ ᠪᠣᠯᠤᠨ ᠲᠡᠭᠦᠨ ᠤ ᠬᠠᠳᠤᠨ ᠠᠨᠰᠤᠯᠢ ᠶᠢ ᠤᠭᠲᠤᠬᠤ ᠳᠠᠶᠢᠯᠠᠯᠭ᠎ᠠ ᠬᠢᠪᠡ᠃   ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 9 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号