ᠰᠢ ᠶᠢᠨ ᠫᠢᠩ ︽ᠠᠪᠠ ᠶᠢᠨ ᠬᠠᠷᠴᠠᠭᠠᠶ ᠭᠠᠪᠰᠢᠭᠠᠶ ᠠᠩᠭᠢ︾ ᠢᠢᠨ ᠪᠦᠬᠦ ᠭᠡᠰᠢᠭᠦᠳ ᠲᠤ ᠬᠠᠷᠢᠭᠤ ᠵᠠᠬᠢᠳᠠᠯ ᠢᠯᠡᠭᠡᠵᠦ ᠵᠤᠷᠢᠬᠵᠢᠭᠤᠯᠤᠭᠰᠠᠨ ᠨᠢ ᠳᠡᠯᠡᠬᠡᠶ ᠶᠢᠨ ᠰᠦᠷᠳᠡᠭᠦᠯᠦᠯ ᠢ ᠡᠰᠡᠷᠭᠦᠴᠡᠬᠦ ᠲᠡᠷᠢᠭᠦᠨ ᠵᠡᠷᠭᠡ ᠢᠢᠨ ᠣᠨᠴᠠ ᠲᠦᠷᠦᠯ ᠤᠨ ᠳᠠᠶᠢᠴᠢᠨ ᠬᠦᠴᠦᠨ ᠢ ᠴᠢᠷᠮᠠᠶᠢᠨ ᠳᠠᠪᠲᠠᠨ ᠪᠣᠯᠪᠠᠰᠤᠷᠠᠭᠤᠯᠵᠤ ᠨᠠᠮ ᠪᠠ ᠠᠷᠠᠳ ᠲᠦᠮᠡᠨ ᠳᠤ ᠳᠠᠬᠢᠨᠳᠠ ᠰᠢᠨ᠎ᠡ ᠭᠠᠪᠢᠶ᠎ᠠ ᠪᠠᠶᠢᠭᠤᠯᠬᠤ ᠪᠠᠷ ᠴᠠᠭ ᠢᠮᠠᠭᠲᠠ ᠪᠡᠯᠡᠬᠡᠨ ᠪᠠᠶᠢᠬᠤ ᠬᠡᠷᠡᠭᠳᠡᠢ
ᠨᠡᠶᠢᠲᠡᠯᠡᠭᠰᠡᠨ ᠴᠠᠭ᠄
2024/4/10
   ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ︽ᠠᠪᠠ ᠶᠢᠨ ᠬᠠᠷᠴᠠᠭᠠᠶ ᠭᠠᠪᠰᠢᠭᠠᠶ ᠠᠩᠭᠢ︾ ᠢᠢᠨ ᠪᠥᠬᠦ ᠭᠡᠰᠢᠭᠦᠳ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠢ ᠳᠣᠲᠣᠨᠣ ᠪᠠᠷ ᠵᠣᠷᠢᠭᠵᠢᠭᠤᠯᠪᠠ᠃   ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠪᠢ 10 ᠵᠢᠯ ᠤᠨ ᠡᠮᠦᠨ᠎ᠠ ᠲᠠ ᠨᠠᠷ ᠲᠤ ᠲᠤᠭ ᠣᠯᠭᠤᠬᠤ ᠦᠶ᠎ᠡ ᠶᠢᠨ ᠪᠠᠶᠢᠳᠠᠯ ᠢ ᠤᠳᠤ ᠪᠣᠯᠲᠠᠯ᠎ᠠ ᠲᠣᠳᠣᠷᠬᠠᠢ ᠴᠡᠭᠡᠵᠢᠯᠡᠭᠰᠡᠭᠡᠷ ᠪᠠᠶᠢᠨ᠎ᠠ᠃ 10 ᠵᠢᠯ ᠤᠨ ᠲᠤᠷᠰᠢ ᠲᠠ ᠨᠠᠷ ᠡᠷᠡᠰ ᠪᠠᠲᠤ ᠪᠠᠷ ᠲᠤᠭ ᠢ ᠮᠠᠨᠳᠤᠭᠤᠯᠵᠤ ᠰᠦᠭ ᠰᠦᠨᠡᠰᠦ ᠶᠢ ᠱᠤᠭᠤᠵᠤ᠂ ᠣᠨᠴᠠ ᠲᠦᠷᠦᠯ ᠤᠨ ᠪᠠᠶᠢᠯᠳᠤᠭᠠᠨ ᠤ ᠴᠢᠳᠠᠪᠤᠷᠢ ᠶᠢ ᠬᠠᠲᠠᠭᠤᠵᠢᠯᠲᠠᠢ ᠪᠣᠯᠪᠠᠰᠤᠷᠠᠵᠤ᠂ ᠡᠭᠦᠷᠭᠡᠯᠡᠭᠰᠡᠨ ᠡᠭᠦᠷᠭᠡ ᠪᠠᠨ ᠮᠠᠰᠢ ᠰᠠᠶᠢᠨ ᠪᠡᠶᠡᠯᠡᠭᠦᠯᠦᠭᠰᠡᠨ ᠢ ᠰᠣᠨᠣᠰᠤᠭᠠᠳ ᠪᠢ ᠮᠠᠰᠢ ᠪᠠᠶᠠᠷᠯᠠᠵᠤ ᠪᠠᠶᠢᠨ᠎ᠠ ᠭᠡᠵᠦ ᠢᠯᠡᠳᠭᠡᠪᠡ᠃   ᠰᠢ ᠶᠢᠨ ᠫᠢᠩ᠂ ᠣᠨᠴᠠ ᠲᠦᠷᠦᠯ ᠤᠨ ᠪᠠᠶᠢᠯᠳᠤᠭᠠᠨ ᠤ ᠴᠡᠷᠢᠭ ᠠᠩᠬᠢ ᠣᠨᠴᠠᠭᠠᠢ ᠡᠭᠦᠷᠭᠡ ᠡᠭᠦᠷᠭᠡᠯᠡᠵᠦ ᠪᠠᠶᠢᠭ᠎ᠠ ᠪᠣᠯᠬᠤᠷ ᠡᠷᠬᠡᠪᠰᠢ ᠤᠯᠤᠰ ᠲᠦᠷᠦ ᠪᠠ ᠴᠡᠷᠢᠭ ᠤᠨ ᠶᠠᠪᠤᠳᠠᠯ ᠤᠨ ᠲᠠᠯ᠎ᠠ ᠪᠠᠷ ᠴᠥᠮ ᠣᠨᠴᠠᠭᠠᠢ ᠴᠠᠭᠠᠷᠠᠭᠰᠠᠨ ᠪᠠᠶᠢᠬᠤ ᠬᠡᠷᠡᠭᠲᠡᠢ᠃ ᠲᠠ ᠨᠠᠷ ᠤᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠦᠨᠡᠨᠴᠢ ᠰᠢᠳᠤᠷᠭᠤ ᠵᠠᠩ ᠴᠢᠨᠠᠷ ᠢᠶᠠᠨ ᠳᠠᠰᠤᠷᠠᠯᠳᠠ ᠦᠬᠡᠢ ᠳᠠᠪᠲᠠᠨ ᠪᠣᠯᠪᠠᠰᠤᠷᠠᠭᠤᠯᠵᠤ᠂ ᠪᠣᠳᠠᠲᠤ ᠪᠠᠶᠢᠯᠳᠤᠭᠠᠨᠴᠢᠯᠠᠭᠰᠠᠠ ᠬᠠᠨᠳᠤᠯᠭᠠᠲᠤ ᠴᠢᠨᠠᠷᠲᠠᠢ ᠪᠣᠯᠪᠠᠰᠤᠷᠠᠯ ᠢᠶᠠᠨ ᠴᠢᠩᠭᠠᠳᠬᠠᠵᠤ᠂ ᠨᠢᠭᠡ ᠳᠤ ᠬᠦᠴᠢᠷ ᠠᠴᠠ ᠠᠶᠤᠬᠤ ᠦᠬᠡᠢ᠂ ᠬᠤᠶᠠᠷ ᠲᠤ ᠦᠬᠦᠬᠦ ᠠᠴᠠ ᠠᠶᠤᠬᠤ ᠦᠬᠡᠢ ᠪᠠᠶᠢᠯᠳᠤᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠡᠯᠡᠬᠡᠢ ᠶᠢᠨ ᠰᠦᠷᠳᠡᠭᠦᠯᠦᠯ ᠢ ᠡᠰᠡᠷᠭᠦᠴᠡᠬᠦ ᠲᠡᠷᠢᠭᠦᠨ ᠵᠡᠷᠭᠡ ᠶᠢᠨ ᠣᠨᠴᠠ ᠲᠦᠷᠦᠯ ᠤᠨ ᠳᠠᠶᠢᠴᠢᠨ ᠬᠦᠴᠦᠨ ᠢ ᠴᠢᠷᠮᠠᠶᠢᠨ ᠳᠠᠪᠲᠠᠨ ᠪᠣᠯᠪᠠᠰᠤᠷᠠᠭᠤᠯᠵᠤ᠂ ᠨᠠᠮ ᠪᠣᠯᠤᠨ ᠠᠷᠠᠳ ᠲᠦᠮᠡᠨ ᠳᠤ ᠳᠠᠬᠢᠨᠳᠠ ᠰᠢᠨ᠎ᠡ ᠭᠠᠪᠢᠶ᠎ᠠ ᠪᠠᠶᠢᠭᠤᠯᠬᠤ ᠪᠠᠷ ᠴᠠᠭ ᠢᠮᠠᠭᠲᠠ ᠪᠡᠯᠡᠬᠡᠨ ᠪᠠᠶᠢᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃   ︽ᠠᠪᠠ ᠶᠢᠨ ᠬᠠᠷᠴᠠᠭᠠᠶ ᠭᠠᠪᠰᠢᠭᠠᠶ ᠠᠩᠭᠢ︾ ᠪᠣᠯ ᠤᠯᠤᠰ ᠤᠨ ᠳᠡᠰ ᠤᠨ ᠰᠦᠷᠳᠡᠭᠦᠯᠦᠯ ᠢ ᠡᠰᠡᠷᠭᠦᠴᠡᠬᠦ ᠭᠠᠪᠰᠢᠭᠠᠢ ᠴᠡᠷᠢᠭ ᠠᠩᠭᠢ ᠪᠣᠯᠤᠨ᠎ᠠ᠃ 2014 ᠣᠨ ᠤ 4 ᠰᠠᠷ᠎ᠠ ᠳᠤ᠂ ᠰᠢ ᠶᠢᠨ ᠫᠢᠩ ᠪᠡᠶ᠎ᠡ ᠪᠠᠷ ᠢᠶᠠᠨ ᠡᠨᠡ ᠬᠦ ᠴᠡᠷᠢᠭ ᠠᠩᠬᠢ ᠳᠤ ᠲᠤᠭ ᠣᠯᠭᠤᠭᠰᠠᠨ ᠪᠥᠭᠡᠳ ᠴᠢᠬᠤᠯᠠ ᠵᠢᠭᠠᠪᠤᠷᠢ ᠥᠭᠴᠡᠢ᠃ 10 ᠵᠢᠯ ᠤᠨ ᠲᠤᠷᠰᠢ᠂ ᠲᠤᠰ ᠴᠡᠷᠢᠭ ᠠᠩᠬᠢ ᠶᠢᠨ ᠬᠢᠨ ᠶᠡᠷᠦᠩᠬᠡᠢ ᠵᠢᠯᠤᠭᠤᠳᠤᠬᠴᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠭᠡᠵᠦ᠂ ᠰᠦᠷᠳᠡᠭᠦᠯᠦᠯ ᠢ ᠡᠰᠡᠷᠭᠦᠴᠡᠵᠦ ᠲᠣᠭᠲᠠᠭᠤᠨ ᠢ ᠬᠠᠮᠠᠭᠠᠯᠠᠬᠤ᠂ ᠬᠠᠮᠲᠤᠷᠠᠭᠰᠠᠨ ᠰᠣᠷᠢᠯᠲᠠ ᠪᠣᠯᠪᠠᠰᠤᠷᠠᠯ ᠬᠢᠬᠦ᠂ ᠴᠢᠬᠤᠯᠠ ᠶᠡᠭᠡ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠵᠡᠷᠭᠡ ᠠᠯᠢ ᠤᠯᠠᠨ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠦ᠂ ᠤᠯᠠᠨ ᠤᠯᠤᠰ ᠤᠨ ᠣᠨᠴᠠ ᠲᠦᠷᠦᠯ ᠤᠨ ᠴᠡᠷᠢᠭ ᠤᠨ ᠵᠡᠪᠰᠡᠭ ᠤᠨ ᠮᠦᠷᠦᠶᠢᠴᠡᠭᠡᠨ ᠤ 20 ᠭᠠᠷᠤᠢ ᠲᠦᠷᠦᠯ ᠳᠤ ᠮᠠᠩᠯᠠᠶᠢᠯᠠᠵᠤ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠳᠤ ︽ᠪᠦᠬᠦ ᠴᠡᠷᠢᠭ ᠤᠨ ᠲᠠᠶᠢᠨ ᠳᠤ ᠪᠡᠯᠡᠳᠭᠡᠭᠰᠡᠨ ᠵᠢᠱᠢᠶᠡᠴᠢ ᠨᠢᠭᠡᠴᠢ︾ ᠬᠡᠮᠡᠨ ᠬᠥᠬᠢᠭᠦᠯᠦᠭᠳᠡᠵᠦ᠂ ᠤᠷᠢᠳ ᠬᠤᠵᠢᠳ 7 ᠬᠥᠮᠦᠨ ᠤᠳᠠᠭ᠎ᠠ ᠪᠦᠬᠦ ᠤᠯᠤᠰ ᠪᠦᠬᠦ ᠴᠡᠷᠢᠭ ᠤᠨ ᠬᠥᠬᠢᠭᠦᠯᠦᠯ ᠢ ᠣᠯᠵᠤ᠂ 10 ᠬᠥᠮᠦᠨ ᠤᠳᠠᠭ᠎ᠠ ᠨᠢᠭᠡᠳᠦᠭᠡᠷ ᠳᠡᠰ ᠤᠨ ᠭᠠᠪᠢᠶ᠎ᠠ ᠪᠠᠶᠢᠭᠤᠯᠵᠤ᠂ 17 ᠬᠥᠮᠦᠨ ᠤᠳᠠᠭ᠎ᠠ ᠬᠤᠶᠠᠳᠤᠭᠠᠷ ᠳᠡᠰ ᠤᠨ ᠭᠠᠪᠢᠶ᠎ᠠ ᠪᠠᠶᠢᠭᠤᠯᠪᠠ᠃ ᠤᠢᠢᠷ᠎ᠠ ᠶᠢᠨ ᠡᠳᠦᠷ᠂ ︽ᠠᠪᠠ ᠶᠢᠨ ᠬᠠᠷᠴᠠᠭᠠᠶ ᠭᠠᠪᠰᠢᠭᠠᠢ ᠠᠩᠬᠢ︾ ᠶᠢᠨ ᠪᠦᠬᠦ ᠭᠡᠰᠢᠭᠦᠳ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠪᠢᠴᠢᠵᠦ᠂ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠪᠠ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠦ᠂ ᠰᠦᠷᠳᠡᠭᠦᠯᠦᠯ ᠢ ᠡᠰᠡᠷᠭᠦᠴᠡᠬᠦ ᠬᠠᠳᠠᠭᠤ ᠨᠢᠳᠤᠷᠭ᠎ᠠ ᠪᠤᠯᠵᠤ᠂ ᠡᠭᠦᠷᠭᠡ ᠬᠠᠷᠢᠭᠤᠴᠠᠯᠭ᠎ᠠ ᠪᠠᠨ ᠡᠷᠡᠰ ᠭᠦᠢᠴᠡᠳᠭᠡᠬᠦ ᠢᠲᠡᠭᠡᠯ ᠵᠣᠷᠢᠭ ᠢᠶᠠᠨ ᠢᠯᠡᠳᠭᠡᠪᠡ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 9 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号