ᠰᠢ ᠶᠢᠨ ᠫᠢᠩ ᠪᠣᠯᠤᠨ ᠪᠷᠠᠽᠢᠯ ᠤᠨ ᠶᠡᠷᠦᠩᠬᠡᠶᠢᠯᠡᠭᠴᠢ ᠯᠦᠯᠠ ᠳᠤᠮᠳᠠᠳᠤ ᠪᠷᠠᠽᠢᠯ ᠤᠨ ᠬᠤᠶᠠᠷ ᠨᠠᠮ ᠤᠨ ᠳᠣᠯᠣᠳᠤᠭᠠᠷ ᠬᠤᠭᠤᠴᠠᠭᠠᠨ ᠤ ᠤᠨᠤᠯ ᠤᠨ ᠰᠤᠳᠤᠯᠤᠨ ᠶᠠᠷᠢᠯᠴᠠᠬᠤ ᠬᠤᠷᠠᠯ ᠳᠤ ᠪᠠᠶᠠᠷ ᠤᠨ ᠵᠠᠬᠢᠳᠠᠯ ᠢᠯᠡᠭᠡᠵᠡᠢ
ᠨᠡᠶᠢᠲᠡᠯᠡᠭᠰᠡᠨ ᠴᠠᠭ᠄
2024/4/10
   4 ᠰᠠᠷ᠎ᠠ ᠶᠢᠨ 9 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠪᠷᠠᠽᠢᠯ ᠤᠨ ᠬᠥᠳᠡᠯᠮᠦᠷᠢᠴᠢᠨ ᠠᠵᠢᠯᠴᠢᠨ ᠤ ᠨᠠᠮ ᠤᠨ ᠳᠣᠯᠣᠳᠤᠭᠠᠷ ᠬᠤᠭᠤᠴᠠᠭᠠᠨ ᠤ ᠤᠨᠤᠯ ᠤᠨ ᠰᠤᠳᠤᠯᠤᠨ ᠶᠠᠷᠢᠯᠴᠠᠬᠤ ᠬᠤᠷᠠᠯ ᠪᠡᠭᠡᠵᠢᠩ ᠳᠤ ᠶᠠᠪᠤᠬᠳᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ ᠰᠢ ᠶᠢᠨ ᠫᠢᠩ ᠪᠣᠯᠤᠨ ᠪᠷᠠᠽᠢᠯ ᠤᠨ ᠬᠥᠳᠡᠯᠮᠦᠷᠢᠴᠢᠨ ᠠᠵᠢᠯᠴᠢᠨ ᠤ ᠨᠠᠮ ᠤᠨ ᠨᠡᠷ᠎ᠡ ᠬᠦᠨᠳᠦᠲᠦ ᠲᠡᠷᠢᠭᠦᠯᠡᠭᠴᠢ᠂ ᠶᠡᠷᠦᠩᠬᠡᠶᠢᠯᠡᠭᠴᠢ ᠯᠦᠯᠠ ᠲᠤᠰ ᠲᠤᠰ ᠰᠤᠳᠤᠯᠤᠨ ᠶᠠᠷᠢᠯᠴᠠᠬᠤ ᠬᠤᠷᠠᠯ ᠳᠤ ᠪᠠᠶᠠᠷ ᠤᠨ ᠵᠠᠬᠢᠳᠠᠯ ᠢᠯᠡᠭᠡᠵᠡᠶ᠃   ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ 2022 ᠣᠨ ᠤ 10 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯ ᠡᠭᠦᠷᠭᠡ ᠪᠣᠯ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠭᠡᠭᠵᠢᠬᠦᠯᠬᠦ ᠪᠦᠳᠦᠭᠡᠨ ᠪᠠᠶᠢᠭᠤᠯᠤᠯᠲᠠ ᠪᠣᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠠᠪᠤᠳᠠᠯ ᠪᠣᠯᠤᠨ᠎ᠠ ᠭᠡᠵᠦ ᠲᠣᠳᠣᠷᠬᠠᠶᠢᠯᠠᠪᠠ᠃ 2023 ᠣᠨ ᠤ 1 ᠰᠠᠷ᠎ᠠ ᠳᠤ ᠪᠷᠠᠽᠢᠯ ᠤᠨ ᠬᠥᠳᠡᠯᠮᠦᠷᠢᠴᠢᠨ ᠠᠵᠢᠯᠴᠢᠨ ᠤ ᠨᠠᠮ ᠳᠠᠬᠢᠨᠲᠠ ᠲᠦᠷᠦ ᠪᠠᠷᠢᠭᠰᠠᠨ ᠤ ᠳᠠᠷᠠᠭ᠎ᠠ᠂ ︽ᠨᠡᠮᠡᠭᠳᠡᠯ ᠢ ᠲᠦᠷᠭᠡᠳᠭᠡᠬᠦ ᠲᠥᠯᠥᠪᠯᠡᠭᠡ︾᠂ ︽ᠰᠢᠨ᠎ᠡ ᠠᠵᠤ ᠦᠢᠯᠡᠳᠪᠦᠷᠢ ᠶᠢᠨ ᠲᠥᠯᠥᠪᠯᠡᠭᠡ ︾ ᠵᠡᠷᠭᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠶᠡᠭᠡ ᠪᠠᠷ ᠠᠬᠢᠭᠤᠯᠵᠤ᠂ ᠦᠷᠭᠦᠯᠵᠢᠯᠡᠬᠦ ᠪᠦᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠬᠦ ᠪᠠᠷ ᠴᠢᠷᠮᠠᠶᠢᠪᠠ᠃ ᠲᠤᠰ ᠤᠳᠠᠭ᠎ᠠ ᠶᠢᠨ ᠳᠤᠮᠳᠠᠳᠤ ᠪᠷᠠᠽᠢᠯ ᠤᠨ ᠬᠤᠶᠠᠷ ᠨᠠᠮ ︽ᠲᠦᠷᠦ ᠪᠠᠷᠢᠭᠴᠢ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠶ᠎ᠡ︾ ᠭᠡᠬᠦ ᠭᠤᠣᠯ ᠰᠡᠳᠦᠪ ᠢᠶᠠᠷ ᠤᠨᠤᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ ᠪᠠᠶᠢᠭ᠎ᠠ ᠨᠢ ᠶᠠᠭ ᠴᠠᠭ ᠲᠠᠭᠠᠨ ᠲᠤᠬᠢᠷᠠᠵᠤ᠂ ᠲᠦᠷᠦ ᠪᠠᠷᠢᠭᠴᠢ ᠨᠠᠮ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠥᠪᠡᠷ ᠤᠨ ᠤᠯᠤᠰ ᠤᠨ ᠪᠠᠶᠢᠳᠠᠯ ᠳᠠᠭᠠᠨ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠤ ᠢᠯᠡᠳᠭᠡᠪᠡ᠃   ᠰᠢ ᠶᠢᠨ ᠫᠢᠩ᠂ ᠡᠨᠡ ᠵᠢᠯ ᠪᠣᠯ ᠳᠤᠮᠳᠠᠳᠤ ᠪᠷᠠᠽᠢᠯ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ᠂ ᠳᠤᠮᠳᠠᠳᠤ ᠤᠯᠤᠰ ᠤᠨ ᠡᠪ ᠬᠠᠮᠲᠤ ᠨᠠᠮ ᠪᠷᠠᠽᠢᠯ ᠤᠨ ᠬᠥᠳᠡᠯᠮᠦᠷᠢᠴᠢᠨ ᠠᠵᠢᠯᠴᠢᠨ ᠤ ᠨᠠᠮ ᠯᠤᠭ᠎ᠠ ᠬᠠᠷᠢᠯᠴᠠᠭ᠎ᠠ ᠪᠠᠶᠢᠭᠤᠯᠤᠭᠰᠠᠨ 40 ᠵᠢᠯ ᠤᠨ ᠤᠢ ᠪᠣᠯᠤᠨ᠎ᠠ᠃ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠪᠷᠠᠽᠢᠯ ᠤᠨ ᠬᠥᠳᠡᠯᠮᠦᠷᠢᠴᠢᠨ ᠠᠵᠢᠯᠴᠢᠨ ᠤ ᠨᠠᠮ ᠯᠤᠭ᠎ᠠ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠪᠠᠨ ᠰᠣᠯᠢᠯᠴᠠᠵᠤ ᠬᠠᠷᠢᠯᠴᠠᠨ ᠲᠤᠯᠢᠳᠠᠬᠤ ᠶᠢ ᠭᠦᠨᠵᠡᠭᠡᠶᠢᠷᠡᠭᠦᠯᠵᠦ᠂ ᠲᠤᠰ ᠲᠤᠰ ᠤᠨ ᠨᠠᠮ ᠤᠨ ᠪᠠᠶᠢᠭᠤᠯᠤᠯᠲᠠ ᠪᠣᠯᠤᠨ ᠤᠯᠤᠰ ᠤᠨ ᠬᠥᠭᠵᠢᠯᠲᠡ ᠲᠠᠪᠰᠢᠯᠳᠠ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠪᠷᠠᠽᠢᠯ ᠤᠨ ᠬᠠᠷᠢᠯᠴᠠᠭ᠎ᠠ ᠶᠢᠨ ᠤᠷᠤᠬᠰᠢ ᠬᠥᠭᠵᠢᠬᠦ ᠶᠢ ᠬᠦᠳᠦᠯᠥᠨ ᠳᠠᠭᠠᠭᠤᠯᠬᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃   ᠯᠦᠯᠠ ᠪᠠᠶᠠᠷ ᠤᠨ ᠵᠠᠬᠢᠳᠠᠯ ᠳᠠᠭᠠᠨ᠂ ᠡᠨᠡ ᠵᠢᠯ ᠪᠷᠠᠽᠢᠯ ᠳᠤᠮᠳᠠᠳᠤ ᠤᠯᠤᠰ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠨ ᠤᠭᠲᠤᠬᠤ ᠪᠣᠯᠤᠨ᠎ᠠ᠂ ᠡᠨᠡ ᠪᠣᠯ ᠬᠤᠶᠠᠷ ᠲᠠᠯ᠎ᠠ ᠪᠠᠷ ᠢᠶᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠬᠠᠷᠠᠯᠲᠠ ᠲᠡᠶᠢᠰᠢ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ᠨᠥᠬᠦᠷᠯᠡᠯ ᠢᠶᠠᠨ ᠭᠦᠨᠵᠡᠭᠡᠶᠢᠷᠡᠭᠦᠯᠦᠭᠰᠡᠨ 50 ᠵᠢᠯ ᠪᠣᠯᠤᠨ᠎ᠠ᠃ ᠨᠢᠳᠤᠨᠤᠨ᠂ ᠪᠢ ᠶᠡᠷᠦᠩᠬᠡᠢ ᠱᠦᠵᠢ ᠰᠢ ᠶᠢᠨ ᠫᠢᠩ ᠯᠦᠭᠡ ᠬᠠᠮᠲᠤ ᠪᠠᠷ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃ ᠪᠷᠠᠽᠢᠯ ᠳᠤᠮᠳᠠᠳᠤ ᠶᠢᠨ ᠬᠠᠷᠢᠯᠴᠠᠭ᠎ᠠ ᠨᠢ ᠬᠤᠶᠠᠷ ᠤᠯᠤᠰ ᠲᠡᠳᠦᠢ ᠦᠭᠡᠢ᠂ ᠪᠦᠬᠦ ᠳᠡᠯᠡᠬᠡᠢ ᠳᠤ ᠴᠦ ᠮᠠᠰᠢ ᠴᠢᠬᠤᠯᠠ ᠶᠤᠮ᠃ ᠪᠢᠳᠠ ᠬᠠᠮᠲᠤᠷᠠᠯᠴᠠᠭ᠎ᠠ ᠪᠠᠷ ᠳᠠᠮᠵᠢᠭᠤᠯᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠪᠦᠬᠦ ᠪᠥᠮᠪᠥᠷᠴᠡᠭ ᠤᠨ ᠵᠠᠰᠠᠯᠲᠠ ᠶᠢᠨ ᠤᠯᠠᠮᠵᠢᠯᠠᠯᠲᠤ ᠲᠣᠭᠲᠠᠴᠠ ᠶᠢ ᠪᠠᠬᠢᠵᠢᠭᠦᠯᠬᠦ ᠶᠢᠨ ᠵᠡᠷᠭᠡ ᠪᠠᠷ ︽77 ᠤᠯᠤᠰ ᠤᠨ ᠪᠦᠯᠦᠭᠯᠡᠯ ᠪᠣᠯᠤᠨ ᠳᠤᠮᠳᠠᠳᠤ ᠤᠯᠤᠰ︾᠂ ᠠᠯᠳᠠᠨ ᠲᠣᠭᠤᠰᠭ᠎ᠠ ᠤᠯᠤᠰ ᠤᠳ ᠪᠣᠯᠤᠨ ᠳᠤᠮᠳᠠᠳᠤ ᠤᠯᠤᠰ ᠯᠠᠲ᠋ᠢᠨ ᠠᠮᠧᠷᠢᠺᠠ ᠲᠢᠪ ᠤᠨ ᠶᠠᠷᠢᠶᠠᠨ ᠤ ᠲᠠᠪᠴᠠᠩ᠂ ︽ᠰᠠᠭᠤᠷᠢ ᠳᠦᠷᠪᠡᠨ ᠤᠯᠤᠰ︾ ᠵᠡᠷᠭᠡ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢᠨ ᠵᠠᠩᠭᠢᠯᠠᠭ᠎ᠠ ᠶᠢᠨ ᠲᠣᠭᠲᠠᠴᠠ ᠶᠢ ᠴᠢᠩᠭᠠᠳᠬᠠᠨ᠎ᠠ᠃ ᠪᠷᠠᠽᠢᠯ ᠤᠨ ᠬᠥᠳᠡᠯᠮᠦᠷᠢᠴᠢᠨ ᠠᠵᠢᠯᠴᠢᠨ ᠤ ᠨᠠᠮ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠯᠴᠠᠭ᠎ᠠ ᠪᠣᠯ ᠬᠤᠶᠠᠷ ᠤᠯᠤᠰ ᠤᠨ ᠬᠠᠷᠢᠯᠴᠠᠭᠠᠨ ᠤ ᠴᠢᠬᠤᠯᠠ ᠪᠦᠷᠢᠯᠳᠦᠬᠦᠨ ᠬᠡᠰᠡᠭ ᠮᠥᠨ᠃ ᠡᠨᠡ ᠤᠳᠠᠭ᠎ᠠ ᠬᠥᠳᠡᠯᠮᠦᠷᠢᠴᠢᠨ ᠠᠵᠢᠯᠴᠢᠨ ᠤ ᠨᠠᠮ ᠤᠨ ᠳᠡᠭᠡᠳᠦ ᠵᠡᠷᠭᠡ ᠶᠢᠨ ᠺᠠᠳ᠋ᠷᠴᠤᠳ ᠤᠨ ᠰᠢᠨᠵᠢᠯᠡᠨ ᠪᠠᠶᠢᠴᠠᠭᠠᠬᠤ ᠪᠦᠯᠬᠦᠮ ᠳᠤᠮᠳᠠᠳᠤ ᠤᠯᠤᠰ ᠲᠤ ᠠᠶᠢᠯᠴᠢᠯᠠᠬᠤ ᠶᠢᠨ ᠵᠡᠷᠭᠡ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠪᠷᠠᠽᠢᠯ ᠤᠨ ᠬᠥᠳᠡᠯᠮᠦᠷᠢᠴᠢᠨ ᠠᠵᠢᠯᠴᠢᠨ ᠤ ᠨᠠᠮ ᠤᠨ ᠳᠣᠯᠣᠳᠤᠭᠠᠷ ᠬᠤᠭᠤᠴᠠᠭᠠᠨ ᠤ ᠤᠨᠤᠯ ᠤᠨ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠂ ᠵᠣᠷᠢᠯᠭ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠯᠤᠭ᠎ᠠ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠪᠠᠨ ᠰᠣᠯᠢᠯᠴᠠᠬᠤ ᠶᠢᠨ ᠵᠡᠷᠭᠡ ᠪᠠᠷ ᠬᠠᠮᠲᠤ ᠪᠠᠷ ᠰᠣᠨᠢᠷᠬᠠᠯ ᠲᠠᠢ ᠵᠥᠪᠯᠡᠬᠦ ᠵᠦᠢᠯ ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠬᠤ ᠪᠠ ᠬᠠᠮᠲᠤᠷᠠᠯᠴᠠᠬᠤ ᠶᠢᠨ ᠲᠥᠯᠥᠭᠡ ᠶᠤᠮ᠃ ᠮᠠᠨ ᠤ ᠬᠤᠶᠠᠷ ᠲᠠᠯ᠎ᠠ ᠪᠠᠷ ᠢᠶᠠᠨ ᠯᠠᠪᠳᠠᠶ᠎ᠠ ᠨᠡᠩ ᠤᠯᠠᠨ ᠨᠡᠶᠢᠯᠡᠯ ᠴᠡᠭ ᠪᠠ ᠬᠠᠮᠲᠤᠷᠠᠯᠴᠠᠭᠠᠨ ᠤ ᠠᠵᠠ ᠲᠣᠬᠢᠶᠠᠯ ᠢ ᠣᠯᠵᠤ ᠴᠢᠳᠠᠨ᠎ᠠ ᠭᠡᠳᠡᠭ ᠢ ᠪᠢ ᠪᠠᠲᠤ ᠢᠲᠡᠭᠡᠵᠦ ᠪᠠᠶᠢᠨ᠎ᠠ᠃ ᠪᠷᠠᠽᠢᠯ ᠳᠤᠮᠳᠠᠳᠤ ᠶᠢᠨ ᠬᠤᠶᠠᠷ ᠨᠠᠮ᠂ ᠬᠤᠶᠠᠷ ᠤᠯᠤᠰ ᠤᠨ ᠵᠠᠰᠠᠭ ᠤᠨ ᠣᠷᠳᠣᠨ ᠪᠣᠯᠤᠨ ᠬᠤᠶᠠᠷ ᠤᠯᠤᠰ ᠤᠨ ᠠᠷᠠᠳ ᠲᠦᠮᠡᠨ ᠤ ᠬᠤᠭᠤᠷᠣᠨᠳᠣᠬᠢ ᠰᠣᠯᠢᠯᠴᠠᠭ᠎ᠠ ᠨᠡᠩ ᠨᠢᠭᠲᠠ ᠪᠥᠭᠡᠳ ᠳᠤᠪᠤᠶᠢᠮ᠎ᠠ ᠠᠮᠵᠢᠯᠲᠠ ᠤᠯᠬᠤ ᠪᠣᠯᠤᠨ᠎ᠠ ᠭᠡᠵᠤ ᠢᠯᠡᠳᠭᠡᠪᠡ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 9 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号