ᠠᠵᠢᠯ ᠡᠷᠢᠬᠦ ᠤᠨᠠᠭᠤᠯᠢ ᠠᠴᠠ ᠰᠡᠷᠡᠮᠵᠢᠯᠡ︕
ᠨᠡᠶᠢᠲᠡᠯᠡᠭᠰᠡᠨ ᠴᠠᠭ᠄
2024/4/11
    ᠠᠵᠢᠯ ᠡᠷᠢᠬᠦ ᠬᠥᠭᠵᠢᠶᠡᠨᠲᠡᠢ ᠤᠯᠠᠷᠢᠯ ᠪᠣᠯᠵᠤ ᠪᠠᠶᠢᠨ᠎ᠠ᠂ ᠰᠤᠷᠭᠠᠨ ᠬᠥᠮᠦᠵᠢᠯ ᠤᠨ ᠶᠠᠮᠤᠨ ᠠᠴᠠ ᠲᠦᠷᠦᠭᠦᠬᠡᠨ ᠲᠡᠭᠦᠰᠬᠦ ᠣᠶᠤᠲᠠᠳ ᠲᠤ ᠳᠥᠷᠪᠡᠨ ᠲᠥᠷᠥᠯ ᠤᠨ ᠦᠷᠭᠦᠯᠵᠢ ᠲᠣᠬᠢᠶᠠᠯᠳᠤᠳᠠᠭ ᠠᠵᠢᠯ ᠡᠷᠢᠬᠦ ︽ᠤᠨᠠᠭᠤᠯᠢ︾᠎ ᠶᠢ ᠬᠤᠷᠢᠶᠠᠩᠭᠤᠶᠢᠯᠠᠵᠤ ᠰᠠᠨᠠᠭᠤᠯᠤᠯ᠎ᠠ᠃ ᠨᠢᠭᠡᠳᠦᠭᠡᠷ ᠨᠢ᠂ ︽ᠠᠵᠢᠯ ᠡᠷᠢᠬᠦ ᠰᠦᠢᠳᠬᠡᠯ ᠬᠤᠷᠢᠶᠠᠬᠤ︾᠂ ᠡᠨᠡ ᠨᠢ ᠵᠠᠷᠢᠮ ᠪᠠᠶᠢᠭᠤᠯᠤᠮᠵᠢ ᠨᠢ ᠠᠵᠢᠯ ᠡᠷᠢᠭᠴᠢ ᠳᠤ ᠥᠨᠳᠥᠷ ᠴᠠᠯᠢᠩ ᠲᠠᠢ ᠠᠵᠢᠯ ᠤᠨ ᠪᠠᠶᠢᠷᠢ ᠬᠠᠩᠭᠠᠬᠤ ᠪᠠᠷ ᠠᠮᠠᠯᠠᠵᠤ᠂ ᠡᠷᠬᠡᠪᠰᠢ ᠬᠠᠮᠢᠶ᠎ᠠ ᠪᠦᠬᠦᠢ ᠦᠢᠯᠡᠴᠢᠯᠡᠭᠡᠨ ᠤ ᠰᠦᠢᠳᠬᠡᠯ ᠲᠤᠰᠢᠶᠠᠯᠭᠠᠬᠤ ᠶᠢ ᠵᠢᠭᠠᠵᠤ ᠪᠠᠶᠢᠨ᠎ᠠ᠃ ︽ᠠᠵᠢᠯ ᠡᠷᠢᠬᠦ ᠰᠦᠢᠳᠬᠡᠯ ᠬᠤᠷᠢᠶᠠᠬᠤ︾᠎ ᠨᠢ ᠵᠦᠢ ᠪᠤᠰᠤ ᠥᠷᠢᠰᠦᠯᠳᠦᠭᠡᠨ ᠪᠠ ᠮᠡᠬᠡᠯᠡᠯ ᠤᠨ ᠰᠡᠵᠢᠭᠯᠡᠯᠲᠡᠢ ᠪᠠᠶᠢᠵᠤ᠂ ᠬᠤᠯᠪᠣᠭᠳᠠᠯ ᠪᠦᠬᠦᠢ ᠠᠵᠢᠯ ᠡᠷᠢᠭᠰᠡᠳ ᠥᠪᠡᠷ ᠤᠨ ᠡᠷᠬᠡ ᠠᠰᠢᠭ ᠢᠶᠠᠨ ᠬᠠᠮᠠᠭᠠᠯᠠᠬᠤ ᠳᠤ ᠬᠦᠴᠢᠷ ᠪᠠᠶᠢᠳᠠᠭ᠃ ᠠᠵᠢᠯ ᠡᠷᠢᠬᠦ ᠶᠠᠪᠤᠳᠠ ᠳᠤᠮᠳᠠ᠂ ᠶᠠᠮᠠᠷ ᠴᠤ ᠱᠠᠭᠠᠷᠳᠠᠯᠭ᠎ᠠ ᠦᠭᠡᠢ ᠮᠥᠷᠲᠡᠭᠡᠨ ᠴᠠᠯᠢᠩ ᠣᠯᠭᠤᠮᠵᠢ ᠨᠢ ᠣᠨᠴᠠᠭᠠᠢ ᠥᠨᠳᠥᠷ ᠠᠵᠢᠯᠲᠠᠨ ᠡᠯᠰᠡᠬᠦ ᠮᠡᠳᠡᠭᠡ ᠵᠠᠩᠭᠢ ᠶᠢ ᠢᠲᠡᠭᠡᠵᠦ ᠪᠤᠯᠬᠤ ᠦᠭᠡᠢ᠂ ᠲᠡᠭᠷᠢ ᠳᠡᠭᠡᠷ᠎ᠡ ᠠᠴᠠ ᠱᠠᠯᠪᠢᠩ ᠤᠨᠠᠬᠤ ᠦᠭᠡᠢ᠂ ᠤᠨᠠᠵᠤ ᠢᠷᠡᠬᠦ ᠨᠢ ᠪᠦᠷ ︽ᠤᠨᠠᠭᠤᠯᠢ︾ ᠪᠠᠶᠢᠳᠠᠭ᠃ ᠬᠤᠶᠠᠳᠤᠭᠠᠷ ᠨᠢ᠂ ︽ᠳᠠᠳᠤᠯᠭ᠎ᠠ ᠶᠢᠨ ᠰᠣᠷᠣᠬᠴᠢ ᠡᠯᠰᠡᠬᠦ︾᠂ ᠵᠠᠷᠢᠮ ᠬᠥᠮᠥᠨ ᠬᠡᠷᠡᠭᠯᠡᠬᠦ ᠨᠢᠭᠡᠴᠢ ᠶᠢᠨ ᠠᠵᠢᠯᠲᠠᠨ ᠴᠢᠨᠠᠭᠰᠢᠯᠠᠪᠠᠯ ᠵᠢᠩᠬᠢᠨᠢ ᠠᠵᠢᠯᠲᠠᠨ ᠪᠢᠰᠢ ᠪᠠᠶᠢᠭᠠᠳ ᠪᠠᠶᠢᠭᠤᠯᠭ᠎ᠠ ᠨᠢᠭᠡᠴᠢ ᠶᠢᠨ ᠨᠡᠷ᠎ᠡ ᠪᠠᠷ ᠳᠠᠳᠤᠯᠭ᠎ᠠ ᠶᠢᠨ ᠰᠣᠷᠣᠬᠴᠢ ᠡᠯᠰᠡᠵᠦ᠂ ᠡᠭᠦᠨ ᠢ ᠠᠰᠢᠭᠯᠠᠨ ᠥᠪᠡᠷ ᠤᠨ ᠠᠵᠢᠯ ᠤᠨ ᠡᠭᠦᠷᠭᠡ ᠪᠠᠨ ᠬᠤᠪᠢᠶᠠᠷᠢᠯᠠᠨ ᠦᠨ᠎ᠡ ᠲᠥᠯᠥᠪᠦᠷᠢ ᠦᠭᠡᠢ ᠭᠦᠳᠡᠯᠮᠦᠷᠢ ᠶᠢ ᠮᠡᠬᠡᠯᠡᠨ ᠠᠪᠬᠤ ᠪᠤᠶᠤ ᠰᠦᠢᠳᠬᠡᠯ ᠬᠤᠷᠢᠶᠠᠵᠤ ᠳᠠᠳᠤᠯᠭ᠎ᠠ ᠭᠢᠯᠭᠡᠳᠡᠭ᠃ ᠠᠵᠢᠯ ᠡᠷᠢᠬᠦ ᠶᠠᠪᠤᠴᠠ ᠳᠤ᠂ ᠵᠢᠩᠬᠢᠨᠢ ᠠᠷᠭ᠎ᠠ ᠵᠠᠮ ᠢᠶᠠᠷ ᠳᠠᠳᠤᠯᠭ᠎ᠠ ᠬᠢᠬᠦ ᠪᠤᠶᠤ ᠠᠵᠢᠯ ᠣᠯᠭᠤᠬᠤ ᠠᠵᠢᠯ ᠤᠨ ᠪᠠᠶᠢᠷᠢ ᠡᠷᠢᠵᠦ᠂ ︽ᠬᠤᠭᠤᠰᠤᠨ ᠭᠠᠷ ᠢᠶᠠᠷ ᠴᠢᠨ᠋ᠸ᠎ᠠ ᠪᠠᠷᠢᠬᠤ︾ ᠮᠡᠬᠡᠨ ᠳᠤ ᠣᠷᠣᠬᠤ ᠠᠴᠠ ᠵᠠᠶᠢᠯᠠᠰᠬᠢᠬᠦ ᠬᠡᠷᠡᠭᠲᠡᠢ᠃ ᠭᠤᠷᠪᠠᠳᠤᠭᠠᠷ ᠨᠢ᠂ ︽ᠬᠤᠳᠠᠯ ᠬᠠᠭᠤᠷᠮᠠᠭ ᠢᠶᠠᠷ ᠤᠷᠢᠬᠤ︾᠂ ᠡᠨᠡ ᠨᠢ ᠬᠥᠮᠥᠨ ᠬᠡᠷᠡᠭᠯᠡᠬᠦ ᠨᠢᠭᠡᠴᠢ ᠪᠤᠶᠤ ᠬᠠᠤᠯᠢ ᠪᠤᠰᠤ ᠵᠠᠭᠤᠴᠢ ᠪᠠᠶᠢᠭᠤᠯᠤᠮᠵᠢ ᠬᠤᠳᠠᠯ ᠬᠠᠭᠤᠷᠮᠠᠭ ᠤᠬᠠᠭᠤᠯᠭ᠎ᠠ ᠬᠢᠵᠦ᠂ ᠠᠵᠢᠯ ᠡᠷᠢᠭᠰᠡᠳ ᠠᠴᠠ ᠶᠡᠭᠡ ᠲᠣᠭᠠᠨ ᠤ ᠵᠠᠭᠤᠴᠢᠯᠠᠬᠤ ᠵᠠᠷᠤᠳᠠᠯ ᠬᠤᠷᠢᠶᠠᠭᠠᠳ ᠬᠠᠷᠢᠨ ᠭᠡᠷ᠎ᠡ ᠪᠠᠨ ᠭᠦᠢᠴᠡᠳᠬᠡᠬᠦ ᠦᠭᠡᠢ ᠤᠳᠠᠭᠠᠰᠢᠷᠠᠭᠤᠯᠬᠤ ᠶᠢ ᠵᠢᠭᠠᠵᠤ ᠪᠠᠶᠢᠨ᠎ᠠ᠃ ᠠᠵᠢᠯ ᠡᠷᠢᠬᠦ ᠶᠠᠪᠤᠴᠠ ᠳᠤ ᠠᠵᠢᠯᠲᠠᠨ ᠡᠯᠰᠡᠬᠦ ᠠᠵᠤ ᠠᠬᠤᠶᠢᠯᠠᠯ ᠪᠤᠶᠤ ᠵᠠᠭᠤᠴᠢ ᠪᠠᠶᠢᠭᠤᠯᠤᠮᠵᠢ ᠶᠢᠨ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠯ᠂ ᠠᠵᠤ ᠠᠬᠤᠶᠢᠯᠠᠯ ᠤᠨ ᠢᠲᠡᠭᠡᠮᠵᠢ ᠵᠡᠷᠭᠡ ᠮᠡᠳᠡᠭᠡ ᠵᠠᠩᠭᠢ ᠶᠢ ᠬᠢᠨᠠᠨ ᠬᠠᠷᠭᠤᠭᠤᠯᠵᠤ᠂ ᠤᠷᠢᠳᠠᠪᠠᠷ ᠰᠦᠢᠳᠬᠡᠯ ᠲᠤᠰᠢᠶᠠᠬᠤ ᠶᠢ ᠨᠥᠬᠦᠴᠡᠯ ᠪᠣᠯᠭᠠᠨ ᠤᠷᠢᠬᠤ ᠵᠡᠷᠭᠡ ᠳᠤ ᠴᠥᠮ ᠪᠣᠯᠭᠤᠮᠵᠢᠲᠠᠢ ᠬᠠᠨᠳᠤᠬᠤ ᠬᠡᠷᠡᠭᠲᠡᠢ᠃ ᠳᠥᠷᠪᠡᠳᠦᠭᠡᠷ ᠨᠢ᠂ ︽ᠬᠠᠤᠯᠢ ᠪᠤᠰᠤ ᠪᠠᠷ ᠳᠠᠮᠵᠢᠭᠤᠯᠤᠨ ᠪᠣᠷᠣᠯᠠᠭᠤᠯᠬᠤ︾᠂ ᠡᠨᠡ ᠨᠢ ᠵᠣᠬᠢᠶᠠᠨ ᠪᠠᠶᠢᠭᠤᠯᠤᠭᠴᠢ ᠎ ᠠᠴᠠ ᠠᠵᠢᠯ ᠡᠷᠢᠭᠴᠢ ᠶᠢ ᠬᠥᠮᠥᠨ ᠬᠥᠮᠥᠵᠢᠭᠦᠯᠦᠨ ᠡᠯᠰᠡᠬᠦ᠂ ᠲᠠᠸᠠᠷ ᠬᠤᠳᠠᠯᠳᠤᠨ ᠠᠪᠬᠤ ᠪᠠᠷ ᠱᠠᠭᠠᠷᠳᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠤᠯᠢ ᠪᠤᠰᠤ ᠠᠰᠢᠭ ᠣᠯᠬᠤ ᠶᠢ ᠵᠢᠭᠠᠵᠤ ᠪᠠᠶᠢᠨ᠎ᠠ᠃ ᠳᠠᠮᠵᠢᠭᠤᠯᠤᠨ ᠪᠣᠷᠣᠯᠠᠭᠤᠯᠬᠤ ᠨᠢ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠲᠣᠭᠠᠴᠠᠭᠳᠠᠨ᠎ᠠ᠃ ᠠᠵᠢᠯ ᠡᠷᠢᠬᠦ ᠶᠠᠪᠤᠴᠠ ᠳᠤ᠂ ᠡᠯ᠎ᠡ ᠵᠦᠢᠯ ᠤᠨ ᠥᠳᠥᠭᠡᠯᠭᠡ ᠶᠢ ᠤᠬᠠᠮᠰᠠᠷ ᠠᠴᠠ ᠪᠠᠨ ᠲᠡᠪᠴᠢᠵᠦ᠂ ᠳᠠᠮᠵᠢᠭᠤᠯᠤᠨ ᠪᠣᠷᠣᠯᠠᠭᠤᠯᠬᠤ ᠶᠢ ᠲᠡᠪᠴᠢᠬᠦ ᠪᠠ ᠰᠡᠷᠭᠡᠶᠢᠯᠡᠬᠦ ᠦᠵᠡᠯ ᠤᠬᠠᠮᠰᠠᠷ ᠢ ᠪᠤᠶ ᠪᠤᠯᠭᠠᠵᠤ᠂ ᠰᠡᠵᠢᠭᠯᠡᠯᠲᠡᠢ ᠪᠠᠶᠢᠳᠠᠯ ᠢ ᠣᠯᠵᠤ ᠮᠡᠳᠡᠬᠦ ᠪᠤᠶᠤ ᠮᠡᠬᠡᠯᠡᠭᠳᠡᠪᠡᠯ ᠳᠠᠷᠤᠢ ᠲᠦᠷᠭᠡᠨ ᠴᠠᠭᠳᠠᠭ᠎ᠠ ᠳᠤ ᠮᠡᠳᠡᠭᠦᠯᠬᠦ ᠬᠡᠷᠡᠭᠲᠡᠢ᠃   
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号