61 ᠵᠦᠢᠯ ᠤᠨ ᠰᠢᠨ᠎ᠡ ᠡᠮᠴᠢᠯᠡᠭᠡᠨ ᠤ ᠪᠠᠭᠠᠵᠢ ᠶᠢ ᠵᠠᠬ᠎ᠠ ᠳᠡᠯᠭᠡᠭᠦᠷ ᠲᠤ ᠭᠠᠷᠭᠠᠨ᠎ᠠ
ᠨᠡᠶᠢᠲᠡᠯᠡᠭᠰᠡᠨ ᠴᠠᠭ᠄
2024/4/11
   ᠤᠯᠤᠰ ᠤᠨ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ 5᠎ ᠤ ᠡᠳᠦᠷ ᠨᠡᠶᠢᠲᠡᠯᠡᠭᠰᠡᠨ ︽2023 ᠣᠨ ᠤ ᠡᠮᠴᠢᠯᠡᠭᠡᠨ ᠤ ᠪᠠᠭᠠᠵᠢ ᠬᠡᠷᠡᠭᠰᠡᠯ ᠤᠨ ᠳᠠᠩᠰᠠᠯᠠᠯᠲᠠ ᠶᠢᠨ ᠠᠵᠢᠯ ᠤᠨ ᠮᠡᠳᠡᠭᠦᠯᠦᠯᠲᠡ︾᠎ ᠳᠤ ᠢᠯᠡᠷᠡᠭᠦᠯᠦᠭᠰᠡᠨ ᠢᠶᠠᠷ᠂ 2023 ᠣᠨ ᠳᠤ ᠲᠣᠰ ᠲᠣᠪᠴᠢᠶ᠎ᠠ ᠨᠡᠶᠢᠲᠡ 61 ᠵᠦᠢᠯ ᠤᠨ ᠰᠢᠨ᠎ᠡ ᠡᠭᠦᠳᠦᠯᠲᠡ ᠲᠠᠢ ᠡᠮᠴᠢᠯᠡᠭᠡᠨ ᠤ ᠪᠠᠭᠠᠵᠢ ᠬᠡᠷᠡᠭᠰᠡᠯ ᠢ ᠵᠠᠬ᠎ᠠ ᠳᠡᠯᠭᠡᠭᠦᠷ ᠲᠤ ᠭᠠᠷᠭᠠᠬᠤ ᠶᠢ ᠵᠥᠪᠰᠢᠶᠡᠷᠡᠵᠦ᠂ ᠲᠤᠭ᠎ᠠ ᠬᠡᠮᠵᠢᠶ᠎ᠡ ᠨᠢ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 2022 ᠣᠨ ᠤ ᠬᠢ ᠠᠴᠠ 6 ᠵᠦᠢᠯ ᠨᠡᠮᠡᠭᠳᠡᠵᠡᠢ᠃ 2014 ᠣᠨ ᠠᠴᠠ 2023 ᠣᠨ ᠪᠤᠯᠲᠠᠯ᠎ᠠ ᠤᠯᠤᠰ ᠤᠨ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ 250 ᠵᠦᠢᠯ ᠤᠨ ᠰᠢᠨ᠎ᠡ ᠡᠭᠦᠳᠦᠯᠲᠡ ᠲᠠᠢ ᠡᠮᠴᠢᠯᠡᠭᠡᠨ ᠤ ᠪᠠᠭᠠᠵᠢ ᠬᠡᠷᠡᠭᠰᠡᠯ ᠢ ᠵᠠᠬ᠎ᠠ ᠳᠡᠯᠭᠡᠭᠦᠷ ᠲᠤ ᠭᠠᠷᠭᠠᠬᠤ ᠶᠢ ᠵᠥᠪᠰᠢᠶᠡᠷᠡᠭᠰᠡᠨ ᠪᠠᠶᠢᠨ᠎ᠠ᠃ ᠮᠡᠳᠡᠭᠦᠯᠦᠯᠲᠡ ᠳᠤ ᠲᠠᠨᠢᠯᠴᠠᠭᠤᠯᠤᠭᠰᠠᠨ ᠢᠶᠠᠷ᠂ 2023 ᠣᠨ ᠳᠤ ᠤᠯᠤᠰ ᠤᠨ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠨ᠎ᠡ ᠶᠢ ᠡᠭᠦᠳᠦᠭᠰᠡᠨ ᠡᠮᠴᠢᠯᠡᠭᠡᠨ ᠤ ᠪᠠᠭᠠᠵᠢ ᠬᠡᠷᠡᠭᠰᠡᠯ ᠤᠨ ᠣᠨᠴᠠᠭᠠᠶ ᠬᠢᠨᠠᠨ ᠵᠥᠪᠰᠢᠶᠡᠷᠡᠯ ᠤᠨ ᠭᠤᠶᠤᠴᠢᠯᠠᠯ ᠢ ᠨᠡᠶᠢᠲᠡ 466 ᠵᠦᠢᠯ ᠭᠥᠯᠢᠶᠡᠨ ᠠᠪᠴᠤ᠂ ᠡᠨᠡ ᠨᠢ 2022 ᠣᠨ ᠤ  ᠬᠢ ᠠᠴᠠ 35.9%᠎ ᠪᠠᠷ ᠨᠡᠮᠡᠭᠳᠡᠵᠡᠢ᠂ ᠡᠭᠦᠨ ᠳᠤ 69 ᠵᠦᠢᠯ ᠢ ᠰᠢᠨ᠎ᠡ ᠡᠭᠦᠳᠦᠯᠲᠡ ᠲᠠᠢ ᠡᠮᠴᠢᠯᠡᠭᠡᠨ ᠤ ᠪᠠᠭᠠᠵᠢ ᠬᠡᠷᠡᠭᠰᠡᠯ ᠤᠨ ᠣᠨᠴᠠᠭᠠᠶ ᠬᠢᠨᠠᠨ ᠪᠠᠶᠢᠴᠠᠭᠠᠯᠲᠠ ᠶᠢᠨ ᠳᠠᠷᠠᠭᠠᠯᠠᠯ ᠳᠤ ᠤᠷᠤᠭᠤᠯᠬᠤ ᠶᠢ ᠵᠥᠪᠰᠢᠶᠡᠷᠡᠨ᠂ ᠡᠴᠦᠰ ᠲᠡᠭᠡᠨ 61 ᠵᠦᠢᠯ ᠢ ᠨᠢ ᠵᠠᠬ᠎ᠠ ᠳᠡᠯᠭᠡᠭᠦᠷ ᠲᠤ ᠭᠠᠷᠭᠠᠬᠤ ᠶᠢ ᠵᠥᠪᠰᠢᠶᠡᠷᠡᠪᠡ᠃ ᠡᠭᠦᠨ ᠳᠤ ᠡᠬᠢ ᠰᠤᠷᠪᠤᠯᠵᠢ ᠲᠠᠢ ᠡᠮᠴᠢᠯᠡᠭᠡᠨ ᠤ ᠪᠠᠭᠠᠵᠢ ᠬᠡᠷᠡᠭᠰᠡᠯ 43᠂ ᠡᠬᠢ ᠰᠤᠷᠪᠤᠯᠵᠢ ᠦᠭᠡᠢ ᠡᠮᠴᠢᠯᠡᠭᠡᠨ ᠤ ᠪᠠᠭᠠᠵᠢ ᠬᠡᠷᠡᠭᠰᠡᠯ 16᠂ ᠪᠡᠶ᠎ᠡ ᠶᠢᠨ ᠭᠠᠳᠠᠨ᠎ᠠ ᠣᠨᠣᠰᠢᠯᠠᠬᠤ ᠤᠷᠪᠠᠯᠵᠢ 2 ᠪᠤᠶ᠃ ᠮᠡᠳᠡᠭᠦᠯᠦᠯᠲᠡ ᠳᠤ ᠳᠤᠷᠠᠳᠤᠭᠰᠠᠨ ᠢᠶᠠᠷ᠂ ᠲᠤᠭ᠎ᠠ ᠬᠡᠮᠵᠢᠶ᠎ᠡ ᠨᠡᠮᠡᠭᠳᠡᠬᠦ ᠶᠢᠨ ᠵᠡᠷᠭᠡ ᠪᠠᠷ ᠰᠢᠨ᠎ᠡ ᠡᠭᠦᠳᠦᠯᠲᠡ  ᠲᠠᠢ ᠡᠮᠴᠢᠯᠡᠭᠡᠨ ᠤ ᠪᠠᠭᠠᠵᠢ ᠬᠡᠷᠡᠭᠰᠡᠯ ᠤᠨ ︽ᠦᠨ᠎ᠡ ᠦᠷᠳᠡᠭ︾ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠃ ᠵᠢᠱᠢᠶᠡᠯᠡᠪᠡᠯ᠂ ᠰᠣᠯᠪᠢᠭᠤ ᠮᠡᠳᠡᠷᠡᠯ ᠢ ᠡᠪᠳᠡᠬᠦ ᠪᠠᠷ ᠳᠡᠮᠵᠢᠨ ᠠᠭᠤᠰᠬᠢᠨ ᠤ ᠯᠤᠭᠰᠢᠭᠤᠨ ᠰᠤᠳᠠᠯ ᠤᠨ ᠥᠨᠳᠥᠷ ᠳᠠᠷᠤᠯᠲᠠ ᠶᠢ ᠵᠠᠰᠠᠬᠤ ᠳᠤ ᠨᠢᠭᠡ ᠯᠠ ᠤᠳᠠᠭ᠎ᠠ ᠬᠡᠷᠡᠭᠯᠡᠵᠦ ᠪᠤᠯᠬᠤ ᠰᠠᠴᠤᠷᠠᠯ ᠳᠠᠪᠲᠠᠮᠵᠢ ᠪᠠᠷ ᠬᠠᠶᠢᠯᠤᠭᠤᠯᠬᠤ ᠴᠠᠭᠠᠷᠢᠭ ᠬᠡᠯᠪᠡᠷᠢᠲᠦ ᠳᠠᠮᠵᠢᠭᠤᠯᠭ᠎ᠠ ᠶᠢᠨ ᠬᠤᠭᠤᠯᠠᠢ ᠶᠢ ᠵᠠᠬ᠎ᠠ ᠳᠡᠯᠭᠡᠭᠦᠷ ᠲᠤ ᠭᠠᠷᠭᠠᠬᠤ ᠶᠢ ᠪᠦᠭᠦ ᠳᠡᠯᠡᠬᠡᠢ ᠳᠤ ᠡᠩ ᠲᠡᠷᠢᠭᠦᠨ ᠳᠤ ᠵᠦᠪᠰᠢᠶ᠋ᠷᠡᠵᠤ᠂ ᠬᠡᠪᠡᠯᠢ ᠶᠢᠨ ᠬᠥᠨᠳᠡᠢ ᠶᠢᠨ ᠳᠣᠲᠣᠷ ᠳᠤᠷᠠᠨ ᠢᠶᠠᠷ ᠲᠠᠩ ᠨᠦᠬᠡᠯᠡᠬᠦ ᠮᠡᠰᠡ ᠵᠠᠰᠠᠯ ᠤᠨ ᠰᠢᠰᠲ᠋ᠧᠮ᠂ ᠭᠠᠪᠠᠯᠠ ᠶᠢᠨ ᠳᠣᠲᠣᠷᠠᠬᠢ ᠰᠢᠭᠢᠳᠦᠭᠡᠰᠦ ᠶᠢ ᠠᠪᠬᠤ ᠲᠤᠯᠬᠤ ᠵᠢᠶᠠᠰᠠ ᠵᠡᠷᠭᠡ ᠦᠢᠯᠡᠳᠬᠦᠨ ᠤ ᠮᠡᠷᠭᠡᠵᠢᠯ ᠨᠢ ᠳᠡᠯᠡᠬᠡᠢ ᠶᠢᠨ ᠲᠡᠷᠢᠭᠦᠨ ᠤ ᠬᠢᠷᠢ ᠲᠦᠪᠰᠢᠨ ᠳᠤ ᠬᠦᠷᠴᠦ᠂ ᠣᠯᠠᠨ ᠨᠡᠶᠢᠲᠡ ᠶᠢᠨ ᠳᠡᠭᠡᠳᠦ ᠲᠠᠰ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号